ᠭᠡᠭᠡᠨ ᠭᠤᠤᠯ ᠬᠤᠲᠡ ᠶᠢᠨ ᠳᠡᠳ᠋ ᠬᠤᠲᠠ ᠶᠢᠨ ᠳᠠᠷᠤᠭ᠎ᠠ ᠼᠤᠤ ᠷᠦᠢ ᠹᠠᠩ ᠭᠤᠤᠯᠳᠠᠯᠭ᠎ᠠ ᠲᠠᠢ ᠬᠦᠮᠤᠰ ᠣᠯᠠᠨ ᠴᠤᠭᠯᠠᠷᠠᠬᠤ ᠲᠠᠯᠠᠪᠤᠷ ᠲᠤ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/1/28
 2021 ᠣᠨ ᠤ 1 ᠰᠠᠷ᠎ᠠ ᠶᠢᠨ 25 ᠤ ᠦᠳᠡ ᠶᠢᠨ ᠡᠮᠦᠨ᠎ᠡ᠂ ᠭᠡᠭᠡᠨ ᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠼᠤᠤ ᠷᠦᠢ ᠹᠠᠩ ᠤᠷᠢᠳ ᠬᠤᠵᠢᠳ ᠭᠡᠭᠡᠨ ᠭᠤᠣᠯ ᠤᠨ ᠭᠠᠯᠲᠤ ᠲᠡᠷᠭᠡᠨ ᠦᠷᠳᠡᠭᠡ᠂ ᠲᠥᠪᠯᠡᠷᠡᠭᠦᠯᠦᠨ ᠲᠤᠰᠠᠭᠠᠷᠯᠠᠬᠤ ᠵᠣᠴᠢᠳ ᠤᠨ ᠪᠠᠭᠤᠳᠠᠯ᠂ ᠯᠤᠥ ᠯᠢᠨ ᠵᠢᠦᠢ ᠲᠥᠪ ᠵᠠᠮ ᠤᠨ ᠬᠡᠳᠤ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃    ᠭᠡᠭᠡᠨ ᠭᠤᠣᠯ ᠤᠨ ᠭᠠᠯᠲᠤ ᠲᠡᠷᠭᠡᠨ ᠥᠷᠲᠡᠭᠡᠨ ᠳᠤ᠂ ᠼᠤᠤ ᠷᠦᠢ ᠹᠠᠩ ᠲᠡᠷᠭᠡᠨ ᠥᠷᠲᠡᠭᠡᠨ ᠤ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠯᠠᠭᠤᠨ ᠢ ᠬᠡᠮᠵᠢᠬᠦ᠂ ᠺᠣᠳ᠋ ᠰᠢᠷᠪᠢᠬᠦ᠂ ᠳᠠᠩᠰᠠᠯᠠᠬᠤ᠂ ᠡᠳᠦᠷ ᠪᠦᠷᠢ ᠠᠷᠢᠭᠤᠳᠬᠠᠬᠤ ᠵᠡᠷᠭᠡ ᠪᠠᠶᠢᠳᠠᠯ ᠢ ᠲᠤᠬᠠᠢ ᠭᠠᠵᠠᠷ ᠤᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠦᠰ ᠤᠨ ᠲᠤᠬᠢᠷᠠᠭᠤᠯᠤᠯᠳᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠼᠤᠤ ᠷᠦᠢ ᠹᠠᠩ ᠴᠢᠬᠤᠯᠠᠴᠢᠯᠠᠭᠰᠠᠨ ᠨᠢ᠂ ᠭᠠᠯᠲᠤ ᠲᠡᠷᠭᠡᠨ ᠥᠷᠲᠡᠭᠡ ᠨᠢ ᠭᠡᠭᠡᠨ ᠭᠤᠤᠯ ᠤᠨ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠬᠦᠶᠰᠦ ᠪᠠ ᠡᠭᠦᠳᠡ ᠡᠷᠦᠬᠡ᠂ ᠬᠥᠮᠦᠨ ᠬᠠᠷ᠎ᠠ ᠣᠯᠠᠨ ᠪᠠᠶᠢᠵᠤ᠂ ᠬᠢᠵᠢᠭ  ᠤᠨ ᠪᠠᠶᠢᠳᠠᠯ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠮᠦᠨ᠎ᠡ ᠵᠠᠬ᠎ᠠ ᠶᠢᠨ ᠪᠣᠭᠤᠮᠲᠠ ᠪᠣᠯᠤᠨ᠎ᠠ᠂ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠭᠡᠭᠡᠨ ᠭᠤᠤᠯ ᠳᠤ ᠣᠷᠣᠬᠤ ᠠᠶᠠᠨᠴᠢᠳ ᠢ ᠬᠥᠮᠦᠨ ᠳᠠᠷᠠᠭᠠᠯᠠᠨ ᠳᠡᠩᠰᠡᠯᠡᠵᠦ᠂ ᠬᠥᠮᠦᠨ ᠳᠠᠷᠠᠭᠠᠯᠠᠨ ᠪᠡᠶ᠎ᠡ ᠶᠢᠨ ᠬᠠᠯᠠᠭᠤᠨ ᠢ ᠬᠡᠮᠵᠢᠬᠦ ᠬᠡᠷᠡᠭᠲᠡᠶ᠂ ᠲᠡᠷᠭᠡᠨ ᠥᠷᠲᠡᠭᠡᠨ ᠤ ᠠᠵᠢᠯᠲᠠᠳ ᠲᠡᠷᠭᠡ ᠬᠦᠯᠢᠶᠡᠬᠦ ᠲᠢᠩᠬᠢᠮ ᠤᠨ ᠠᠷᠢᠭᠤᠳᠬᠠᠬᠤ ᠪᠠ ᠥᠷᠲᠡᠭᠡᠨ ᠳᠤ ᠣᠷᠣᠬᠤ ᠬᠥᠮᠦᠰ ᠢ ᠰᠢᠭᠰᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠬᠠᠭᠤᠯᠵᠤ ᠬᠦᠳᠤᠯᠤᠨ ᠵᠢᠯᠣᠭᠤᠳᠬᠤ ᠪᠠᠨ ᠴᠢᠩᠭᠠᠳᠬᠠᠵᠤ᠂ ᠠᠶᠠᠨᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠦᠨᠡᠨ ᠬᠦ ᠪᠠᠭᠠᠰᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠯᠠᠨ ᠤ ᠡᠷᠡᠭᠦᠯ ᠮᠡᠨᠳᠤ ᠠᠮᠤᠷ ᠠᠮᠤᠭᠤᠯᠠᠩ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠸᠠ ᠰᠢᠩ ᠵᠣᠴᠢᠳ ᠤᠨ ᠪᠠᠭᠤᠳᠠᠯ ᠳᠤ᠂ ᠼᠤᠤ ᠷᠦᠢ ᠹᠠᠩ ᠲᠤᠰᠠᠭᠠᠷᠯᠠᠵᠤ ᠣᠷᠣᠵᠤ ᠰᠠᠭᠤᠭᠰᠠᠨ ᠬᠥᠮᠦᠰ  ᠤᠨ ᠠᠮᠢᠳᠤᠷᠠᠯ ᠤᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠵᠢ ᠪᠦᠷᠢᠳᠦᠭᠦᠯᠦᠭᠰᠡᠨ ᠲᠥᠬᠦᠭᠡᠷᠦᠮᠵᠢ ᠵᠢᠴᠢ ᠠᠷᠢᠭᠤᠳᠬᠠᠭᠰᠠᠨ ᠲᠡᠮᠳᠡᠭᠯᠡᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃  ᠯᠤᠥ ᠯᠢᠨ   ᠵᠢᠦᠢ ᠶᠢᠨ ᠲᠥᠪ ᠵᠠᠮ ᠤᠨ ᠬᠡᠲᠦ ᠳᠡᠯᠭᠡᠭᠦᠷ ᠲᠤ᠂ ᠼᠤᠤ ᠷᠦᠢ ᠹᠠᠩ ᠱᠠᠭᠠᠷᠳᠠᠭᠰᠠᠨ ᠨᠢ ᠭᠤᠤᠯᠳᠠᠯᠭ᠎ᠠ ᠲᠠᠢ ᠬᠤᠳᠠᠯᠳᠤᠭᠠᠨ ᠤ ᠬᠡᠲᠦ ᠳᠡᠯᠭᠡᠭᠦᠷ ᠨᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠯᠮᠠᠶᠢᠷᠠᠨ ᠲᠠᠶᠢᠪᠤᠰᠢᠷᠠᠵᠤ ᠣᠭᠲᠣ ᠪᠣᠯᠬᠤ ᠥᠬᠡᠶ᠂ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ᠂ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠭᠤᠤᠯᠳᠠᠯᠭ᠎ᠠ  ᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠪᠥᠬᠦ ᠬᠤᠲᠠ ᠶᠢᠨ ᠠᠷᠠᠳ ᠲᠦᠮᠡᠨ ᠳᠤ ᠠᠮᠤᠷ ᠲᠦᠪᠰᠢᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠬᠡᠪᠡ᠃ᠡᠬᠡ ᠪᠢᠴᠢᠭ ᠤᠨ ᠢᠷᠡᠯᠲᠡ᠄ ᠭᠡᠭᠡᠡ ᠭᠤᠣᠯ ᠬᠤᠳᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯᠵᠤᠬᠢᠶᠠᠭᠴᠢ᠄ ᠭᠦ᠋ ᠬᠠᠨ ᠹᠡᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号