ᠭᠡᠭᠡᠨ ᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠰᠤᠯᠠ ᠪᠠᠷ ᠬᠤᠳᠠᠯᠳᠤᠬᠤ ᠲᠣᠤᠷ ᠴᠡᠭ ᠤᠨ ᠲᠤᠬᠠᠶ ᠶᠢᠨ ᠲᠠᠯᠠᠪᠠᠢ ᠶᠢᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/1/29
    2021 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠥᠪᠰᠢᠶᠡᠷᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠡᠭᠡᠨ ᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠲᠣᠭᠤᠷᠢᠭ ᠤᠨ ᠬᠤᠸᠠᠷ ᠫᠤᠤᠵᠢᠩ ᠰᠤᠯᠠ ᠪᠠᠷ ᠬᠤᠳᠠᠯᠳᠤᠬᠤ ᠳᠡᠯᠭᠡᠭᠦᠷ ᠤᠨ ᠡᠵᠡᠩᠨᠡᠯᠲᠡ ᠶᠢᠨ ᠡᠷᠦᠬᠡ ᠳᠤ ᠲᠤᠬᠠᠶ ᠶᠢᠨ ᠲᠠᠯᠠᠪᠠᠶ  ᠶᠢᠨ ᠬᠢᠨᠠᠨ ᠪᠠᠶᠢᠴᠠᠭᠠᠯᠲᠠ ᠬᠢᠪᠠ᠃   《 ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ 》᠂《 ᠬᠤᠸᠠᠷ ᠫᠤᠤᠵᠢᠩ ᠤᠨ ᠡᠵᠡᠩᠨᠡᠯᠲᠡ ᠶᠢᠨ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ 》᠂《 ᠬᠤᠸᠠᠷ ᠫᠤᠤᠵᠢᠩ ᠰᠤᠯᠠ ᠪᠠᠷ ᠬᠤᠳᠠᠯᠳᠤᠬᠤ ᠳᠡᠯᠭᠡᠭᠦᠷ ( ᠴᠡᠭ )   ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ 》ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠬᠡᠭᠡᠨ ᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠦᠶ ᠵᠣᠬᠢᠰᠲᠠᠶ ᠪᠠᠶᠢᠷᠢᠰᠢᠭᠤᠯᠬᠤ᠂ ᠪᠥᠬᠦ ᠲᠠᠯ᠎ᠠ ᠪᠠᠷ ᠬᠢᠨᠠᠨ ᠬᠠᠷᠭᠤᠭᠤᠯᠬᠤ᠂ ᠲᠥᠪᠯᠡᠷᠡᠭᠦᠯᠦᠨ ᠠᠵᠢᠭᠯᠠᠬᠤ ᠠᠷᠭ᠎ᠠ ᠬᠡᠯᠪᠡᠷᠢ ᠪᠠᠷ ᠬᠢᠨᠠᠨ ᠪᠠᠶᠢᠴᠠᠭᠠᠪᠠ᠃ ᠡᠯ᠎ᠡ ᠬᠤᠸᠠᠷ ᠫᠤᠤᠵᠢᠩ ᠰᠤᠯᠠ ᠪᠠᠷ ᠬᠤᠳᠠᠯᠳᠤᠬᠤ ᠳᠡᠯᠭᠡᠭᠦᠷ ᠤᠨ ᠭᠠᠵᠠᠷ ᠰᠣᠩᠭᠤᠬᠤ ᠵᠢᠴᠢ ᠰᠤᠯᠠ ᠪᠠᠷ ᠬᠤᠳᠠᠯᠳᠤᠬᠤ ᠳᠡᠯᠭᠡᠭᠦᠷ ᠤᠨ ᠲᠠᠯᠠᠪᠠᠶ᠂ ᠬᠠᠳᠠᠭᠠᠯᠠᠵᠤ ᠪᠠᠶᠢᠭ᠎ᠠ ᠬᠡᠮᠵᠢᠶ᠎ᠡ᠂ ᠪᠠᠷᠢᠯᠭ᠎ᠠ  ᠶᠢᠨ ᠪᠦᠲᠦᠴᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ ᠳᠤ ᠨᠢᠭᠡᠳ ᠨᠢᠭᠡ ᠪᠠᠷ ᠪᠣᠳᠠᠲᠠᠶ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠠᠵᠢᠯᠲᠠᠳ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠳᠡᠯᠭᠡᠭᠦᠷ  ᠤᠨ ᠡᠵᠡᠨ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠨ᠎ᠠ᠃ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠲᠤᠪᠴᠢᠶ᠎ᠡᠵᠤᠬᠢᠶᠠᠭᠴᠢ᠄ ᠭᠦ᠋ ᠫᠧᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号