ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠭᠠᠳᠠᠨᠠᠬᠢ ᠦᠶᠯᠡᠴᠢᠯᠡᠭᠡ ᠥᠷᠨᠢᠭᠦᠯᠬᠦ ᠶᠢ ᠵᠣᠭᠰᠣᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/1/29
   ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠥᠮᠦᠰ ᠤᠨ ᠤᠯᠠᠨᠲᠠ ᠴᠤᠭᠯᠠᠷᠠᠬᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠨᠡᠮᠡᠭᠳᠡᠬᠦᠯᠬᠦ ᠶᠢ ᠰᠡᠷᠭᠡᠶᠢᠯᠡᠨ᠂  ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠠᠮᠤᠷ ᠲᠦᠪᠰᠢᠨ  ᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ 《 ᠬᠥᠯᠥᠨ ᠪᠣᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ 》 ( 18 ᠳ᠋ᠤᠭᠠᠷ ᠲᠣᠭᠠᠲᠤ )   ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ  ᠤ ᠬᠤᠲᠠ ᠶᠢᠨ ᠪᠣᠶ ᠪᠥᠬᠦᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ᠂ ᠬᠢᠴᠢᠶᠡᠯ ᠨᠥᠬᠦᠬᠦ ᠠᠩᠭᠢ᠂ ᠨᠠᠶᠢᠳᠠᠨ ᠬᠠᠮᠢᠶᠠᠷᠤᠭᠤᠯᠬᠤ ᠠᠩᠭᠢ᠂ ᠡᠷᠲᠡ ᠠᠴᠠ ᠬᠥᠮᠦᠵᠢᠭᠦᠯᠬᠦ ᠪᠠᠶᠢᠭᠤᠯᠤᠮᠵᠢ ᠳᠤ ᠳᠣᠤᠷᠠᠬᠢ ᠮᠡᠲᠦ ᠱᠠᠭᠠᠷᠳᠠᠯᠭ᠎ᠠ ᠲᠤᠷᠠᠳᠤᠨ᠎ᠠ᠄    ᠨᠢᠭᠡ᠂ 2021 ᠣᠨ ᠤ 1 ᠰᠠᠷ᠎ᠠ ᠶᠢᠨ 18   ᠤ ᠡᠳᠦᠷ ᠠᠴᠠ ᠡᠬᠢᠯᠡᠨ᠂ ᠮᠠᠨ ᠤ ᠬᠤᠲᠠ ᠶᠢᠨ ᠪᠣᠶ ᠪᠥᠬᠦᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ᠂ ᠬᠢᠴᠢᠶᠡᠯ ᠨᠥᠬᠦᠬᠦ ᠠᠩᠭᠢ᠂ ᠨᠠᠶᠢᠳᠠᠨ ᠬᠠᠮᠢᠶᠠᠷᠤᠭᠤᠯᠬᠤ ᠠᠩᠭᠢ᠂ ᠵᠢᠵᠢᠭ ᠬᠤᠭᠤᠯᠠᠨ ᠰᠢᠷᠡᠭᠡ᠂ ᠡᠷᠲᠡ ᠬᠥᠮᠦᠵᠢᠭᠦᠯᠬᠦ ᠪᠠᠶᠢᠭᠤᠯᠤᠮᠵᠢ ᠵᠡᠷᠭᠡ ᠶᠢᠨ ᠰᠦᠯᠵᠢᠶᠡᠨ ᠭᠠᠳᠠᠨᠠᠬᠢ ᠬᠢᠴᠢᠶᠡᠯ ᠢ ᠪᠥᠬᠦ ᠲᠠᠯ᠎ᠠ ᠪᠠᠷ ᠵᠣᠭᠰᠣᠭᠠᠵᠤ᠂ ᠳᠠᠯᠳᠠᠭᠤᠷ ᠬᠢᠴᠢᠶᠡᠯ ᠨᠥᠬᠦᠬᠦ ᠦᠶᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃    ᠬᠤᠶᠠᠷ᠂ ᠡᠯ᠎ᠡ ᠲᠥᠷᠥᠯ ᠤᠨ ᠰᠤᠷᠭᠠᠨ ᠬᠥᠮᠦᠵᠢᠯ ‍ᠦᠨ‌‍ᠪᠤᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠭᠡᠷ  ᠤᠨ ᠠᠬᠠᠮᠠᠳ᠂ ᠰᠤᠷᠤᠭᠴᠢᠳ ᠤᠨ ᠤᠬᠠᠭᠤᠯᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠭᠡᠷ ᠤᠨ ᠠᠬᠠᠮᠠᠳ ᠤᠨ ᠣᠶᠢᠯᠠᠭᠠᠯᠲᠠ ᠪᠠ ᠳᠡᠮᠵᠢᠯᠭᠡ ᠶᠢ ᠣᠯᠬᠤ ᠬᠡᠷᠡᠭᠲᠡᠶ᠃ ᠡᠭᠦᠨ ᠤ ᠬᠠᠮᠲᠤ ᠬᠢᠴᠢᠶᠡᠯ ᠵᠣᠭᠰᠣᠬᠤ ᠬᠠᠮᠢᠶ᠎ᠠ ᠪᠥᠬᠦᠶ ᠠᠵᠢᠯ ᠢ ᠲᠣᠬᠢᠲᠠᠶ ᠰᠠᠶᠢᠲᠤᠷ ᠰᠢᠶᠳᠪᠦᠷᠢᠯᠡᠵᠦ᠂ ᠪᠤᠴᠠᠭᠠᠬᠤ ᠰᠢᠯᠵᠢᠭᠦᠯᠬᠦ ᠰᠦᠶᠳᠬᠡᠯ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ ᠢ ᠰᠠᠶᠢᠲᠤᠷ ᠬᠢᠵᠦ᠂ ᠬᠢᠴᠢᠶᠡᠯ ᠵᠣᠭᠰᠣᠬᠤ ᠰᠦᠶᠳᠬᠡᠯ ᠪᠤᠴᠠᠭᠠᠬᠤ ᠠᠴᠠ ᠪᠣᠯᠵᠣ ᠬᠥᠮᠦᠨ ᠴᠤᠭᠯᠠᠷᠠᠬᠤ ᠪᠤᠶᠤ ᠨᠡᠶᠢᠭᠡᠮ ᠤᠨ ᠵᠥᠷᠢᠴᠡᠯ ᠡᠭᠦᠰᠬᠦ ᠵᠡᠷᠭᠡ ᠦᠶᠯᠡ ᠠᠵᠢᠯᠯᠠᠭ᠎ᠠ ᠭᠠᠷᠬᠤ ᠠᠴᠠ ᠵᠠᠶᠢᠯᠠᠰᠬᠢᠨ᠎ᠡ᠃ ᠬᠢᠴᠢᠶᠡᠯ ᠵᠣᠭᠰᠣᠭᠰᠠᠨ ᠤ ᠳᠠᠷᠠᠭ᠎ᠠ ᠡᠵᠡᠩᠨᠡᠯᠲᠡ ᠶᠢᠨ ᠲᠠᠯᠠᠪᠤᠷ ᠢᠶᠠᠨ ᠬᠠᠭᠠᠵᠤ᠂ ᠠᠷᠢᠭᠤᠳᠬᠠᠵᠤ ᠰᠠᠯᠬᠢ ᠨᠡᠪᠲᠡᠷᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃    ᠭᠤᠷᠪᠠ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠴᠢᠶᠡᠯ ᠰᠡᠷᠭᠦᠭᠡᠬᠦ ᠪᠣᠳᠠᠲᠠᠶ ᠰᠡᠷᠭᠦᠭᠡᠬᠦ ᠴᠠᠭ ᠢᠶᠠᠨ ᠳᠠᠬᠢᠨ ᠮᠡᠳᠡᠭᠳᠡᠨ᠎ᠡ᠂ ᠲᠣᠭᠲᠠᠭᠠᠯ ᠠᠴᠠ ᠵᠥᠷᠢᠴᠡᠨ ᠰᠦᠯᠵᠢᠶᠡᠨ ᠭᠠᠳᠠᠨᠠᠬᠢ ᠪᠤᠯᠪᠠᠰᠤᠷᠠᠭᠤᠯᠤᠯ ᠤᠨ ᠠᠵᠢᠯᠯᠠᠭ᠎ᠠ ᠪᠤᠶᠤ ᠬᠠᠮᠲᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠡᠳᠡᠨ ᠤ ᠰᠤᠷᠭᠠᠭᠤᠯᠢ ᠡᠷᠭᠢᠯᠡᠬᠦ ᠬᠢᠷᠢ ᠬᠡᠮ ᠢ ᠨᠢ ᠬᠠᠤᠯᠢ ᠶᠣᠰᠣᠭᠠᠷ ᠬᠦᠴᠦᠨ ᠥᠬᠡᠶ ᠪᠣᠯᠭᠠᠵᠤ᠂ ᠬᠠᠷ᠎ᠠ ᠲᠠᠩᠰᠠᠨ ᠳᠤ ᠣᠷᠣᠭᠤᠯᠬᠤ ᠶᠢᠨ ᠬᠠᠮᠲᠤ ᠦᠶᠯᠡ ᠪᠠᠶᠢᠳᠠᠯ ᠤᠨ ᠬᠦᠨᠳᠦ ᠨᠣᠴᠢᠲᠠᠶ ᠬᠡᠮᠵᠢᠶ᠎ᠡ ᠶᠢ ᠨᠢ ᠦᠨᠳᠦᠰᠦᠯᠡᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠶᠳᠪᠦᠷᠢᠯᠡᠨ᠎ᠡ᠃ᠳᠥᠷᠪᠡ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ ᠲᠤᠭᠳᠠᠭᠠᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠬᠡᠷᠡᠭᠲᠡᠶ᠃ᠢᠯᠡᠴᠢᠯᠡᠨ ᠮᠡᠳᠡᠭᠦᠯᠬᠦ ᠤᠲᠠᠰᠤ᠄ 04703931339ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00-12᠄ 00᠂ ᠦᠳᠡ ᠶᠢᠨ ᠬᠤᠶᠢᠨᠠᠬᠢ 14᠄ 30-17᠄ 00᠃ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ2021 ᠤᠨ ᠤ 1 ᠰᠠᠷ᠎ᠠ ᠶᠢᠨ 18 ᠤ ᠡᠳᠤᠷ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号