ᠬᠡᠭᠡᠨ ᠭᠤᠤᠯ ᠬᠤᠲᠠ ᠶᠢᠨ ᠲᠦᠷᠦᠭᠦᠦ ᠪᠦᠯᠦᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠭᠤᠤᠯᠳᠠᠯᠭ᠎ᠠ ᠲᠠᠢ ᠬᠥᠮᠦᠰ ᠲᠤ ᠲᠠᠷᠢᠯᠭ᠎ᠠ ᠬᠢᠬᠦ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2021/1/4
    12 ᠰᠠᠷ᠎ᠠ ᠶᠢᠨ 30   ᠤ ᠡᠳᠦᠷ᠂ ᠠᠩᠬᠠᠨ ᠤ ᠪᠦᠯᠦᠭ ᠰᠢᠨ᠎ᠡ ᠲᠢᠲᠢᠮᠯᠢᠭ ᠸᠠᠺᠼᠢᠨ ᠬᠦᠷᠴᠦ ᠢᠷᠡᠬᠦ ᠶᠢ ᠳᠠᠭᠠᠯᠳᠤᠨ᠂ ᠳᠡᠭᠡᠳᠦ ᠱᠠᠲᠤᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ《 ᠠᠯᠬᠤᠮ ᠬᠤᠪᠢᠶᠠᠨ ᠶᠠᠪᠤᠬᠤ 》ᠠᠷᠭ᠎ᠠ ᠪᠣᠳᠣᠯᠭ᠎ᠠ ᠶᠣᠰᠣᠭᠠᠷ᠂ ᠬᠡᠭᠡᠨ ᠭᠤᠤᠯ ᠬᠤᠲᠠ ᠶᠢᠨ ᠰᠢᠨ᠎ᠡ ᠲᠢᠲᠢᠮᠯᠢᠭ ᠸᠠᠺᠼᠢᠨ ᠤ ᠲᠦᠷᠦᠭᠦᠦ ᠪᠦᠯᠦᠭ ᠭᠤᠤᠯᠳᠠᠯᠭ᠎ᠠ ᠲᠠᠢ ᠬᠥᠮᠦᠰ ᠲᠤ ᠲᠠᠷᠢᠯᠭ᠎ᠠ ᠬᠢᠬᠦ ᠠᠵᠢᠯ ᠵᠢᠩᠬᠢᠨᠢ ᠪᠠᠷ ᠡᠬᠢᠯᠡᠪᠡ᠃ ᠭᠡᠭᠡᠨ ᠭᠤᠤᠯ ᠬᠤᠲᠡ ᠶᠢᠨ ᠳᠡᠳ᠋ ᠬᠤᠲᠠ ᠶᠢᠨ ᠳᠠᠷᠤᠭ᠎ᠠ ᠼᠤᠤ ᠷᠦᠢ ᠹᠠᠩ ᠲᠤᠬᠠᠶ ᠶᠢᠨ ᠲᠠᠯᠠᠪᠠᠢ ᠳᠤ ᠬᠦᠷᠴᠦ ᠠᠵᠢᠯ ᠢ ᠪᠠᠶᠢᠴᠠᠭᠠᠨ ᠵᠢᠯᠣᠭᠤᠳᠪᠠ᠃    ᠲᠣᠰ ᠤᠳᠠᠭᠠᠨ ᠤ ᠸᠠᠺᠼᠢᠨ ᠤ ᠲᠠᠷᠢᠯᠭ᠎ᠠ ᠶᠢ ᠬᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠲᠠᠷᠢᠯᠭ᠎ᠠ ᠬᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ  ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠳᠠᠳ ᠤᠳᠤᠷᠢᠳᠬᠤ ᠳᠤᠭᠤᠶᠢᠯᠠᠩ ᠪᠠᠶᠢᠭᠤᠯᠵᠤ᠂ ᠸᠠᠺᠼᠢᠨ ᠬᠥᠷᠬᠦ ᠠᠴᠠ ᠡᠮᠤᠨᠡᠬᠢ ᠬᠤᠭᠤᠴᠠᠭᠠᠨ ᠤ ᠶᠡᠭᠡ ᠬᠡᠮᠵᠢᠶᠡᠨ ᠤ ᠠᠵᠢᠯ ᠥᠷᠨᠢᠭᠦᠯᠵᠦ᠂ ᠡᠮᠴᠢ ᠰᠤᠪᠢᠯᠠᠭᠴᠢᠳ ᠤᠨ ᠪᠣᠯᠪᠠᠰᠤᠷᠠᠭᠤᠯᠤᠯ᠂ ᠲᠠᠷᠢᠯᠭ᠎ᠠ ᠬᠢᠬᠦ ᠲᠠᠯᠠᠪᠤᠷ ᠭᠠᠵᠠᠷ ᠤᠨ ᠲᠣᠬᠢᠷᠠᠭᠤᠯᠤᠯᠲᠠ᠂ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠳᠤ ᠴᠥᠮ ᠨᠠᠷᠢᠨ ᠨᠢᠭᠲᠠ ᠪᠠᠶᠢᠷᠢᠯᠠᠭᠤᠯᠤᠯᠲᠠ ᠬᠢᠪᠠ᠃ ᠲᠠᠷᠢᠯᠭ᠎ᠠ ᠬᠢᠬᠦ ᠭᠤᠤᠯᠳᠠᠯᠭ᠎ᠠ ᠲᠠᠢ ᠬᠦᠮᠤᠰ ᠲᠤ ᠣᠯᠠᠨ ᠤᠳᠠᠭᠠᠨ ᠤ ᠪᠠᠶᠢᠴᠠᠭᠠᠯᠲᠠ ᠬᠢᠵᠦ᠂ ᠪᠠᠶᠢᠳᠠᠯ ᠢ ᠣᠶᠢᠯᠠᠭᠠᠭᠰᠠᠨ ᠪᠠ ᠳᠠᠩᠰᠠᠯᠠᠭᠤᠯᠵᠤ᠂ ᠡᠭᠦᠨ ᠢᠶᠠᠷ ᠰᠠᠭᠤᠷᠢ ᠪᠣᠯᠭᠠᠨ ᠨᠠᠷᠢᠨ ᠲᠣᠳᠣᠷᠬᠠᠶ ᠲᠥᠯᠥᠪᠵᠢᠭᠦᠯᠭᠡ ᠲᠣᠭᠲᠠᠭᠠᠪᠠ᠃     ᠲᠠᠷᠢᠯᠭ᠎ᠠ ᠬᠢᠬᠦ ᠶᠢᠨ ᠲᠣᠰ ᠡᠳᠦᠷ ᠤᠨ 9 ᠴᠠᠭ 20 ᠮᠢᠨᠦ᠋ᠲ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠵᠣᠬᠢᠶᠠᠨ ᠪᠠᠶᠢᠭᠤᠯᠤᠯᠲᠠ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ  ᠤ ᠬᠠᠮᠵᠢᠯᠴᠠᠭ᠎ᠠ ᠳᠣᠤᠷ᠎ᠠ᠂ ᠸᠠᠺᠼᠢᠨ ᠭᠥᠯᠢᠶᠡᠨ ᠠᠪᠬᠤ ᠪᠠᠷᠢᠮᠵᠢᠶ᠎ᠠ ᠶᠢᠨ ᠴᠤᠪᠤᠷᠠᠯ ᠢ ᠴᠢᠩᠭ᠎ᠠ ᠵᠢᠷᠤᠮᠯᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠦᠶᠲᠡᠨ ᠬᠥᠮᠥᠷᠭᠡ ᠠᠴᠠ ᠭᠠᠷᠭᠠᠨ ᠠᠪᠴᠤ᠂ ᠬᠡᠭᠡᠨ ᠭᠤᠤᠯ ᠬᠤᠲᠠ ᠶᠢᠨ ᠨᠢᠭᠡᠳᠦᠭᠡᠷ ᠪᠦᠯᠦᠭ ᠰᠢᠨ᠎ᠡ ᠲᠢᠲᠢᠮᠯᠢᠭ ᠸᠠᠺᠼᠢᠨ ᠢ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠥᠷᠲᠡᠭᠡ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠥᠪ ᠤᠨ ᠬᠤᠶᠠᠷ ᠭᠠᠵᠠᠷ ᠲᠤ ᠤᠷᠤᠭᠰᠢᠲᠠᠶ ᠪᠠᠷ ᠬᠦᠷᠭᠡᠵᠦ ᠳᠠᠷᠢᠭᠤᠯᠪᠠ᠃ ᠲᠣᠰ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠪᠥᠬᠦ ᠶᠠᠪᠤᠴᠠ ᠶᠢᠨ ᠬᠦᠶᠲᠡᠨ ᠬᠡᠯᠬᠢᠶᠡᠲᠦ ᠲᠡᠭᠡᠭᠡᠪᠦᠷᠢ᠂ ᠨᠢᠭᠲᠠ ᠪᠢᠲᠡᠭᠦᠮᠵᠢᠯᠡᠭᠰᠡᠨ ᠬᠠᠮᠢᠶᠠᠷᠤᠯᠲᠠ ᠨᠢ ᠭᠤᠭᠴᠤᠭ᠎ᠠ ᠨᠢᠭᠡᠪᠦᠷᠢ ᠳᠤ ᠴᠥᠮ ᠳᠡᠩᠰᠡᠯᠡᠯᠲᠡ ᠪᠠ ᠬᠤᠶᠠᠷ ᠬᠡᠮᠵᠢᠯᠳᠦ ᠺᠣᠳ᠋ ᠤᠨ ᠰᠢᠷᠪᠢᠯᠲᠡ ᠪᠠᠷ ᠳᠠᠮᠵᠢᠭᠤᠯᠤᠨ ᠲᠤᠰᠬᠠᠶ ᠮᠡᠷᠭᠡᠵᠢᠯ ᠤᠨ ᠰᠢᠰᠲ᠋ᠧᠮ ᠳᠤ ᠣᠷᠣᠭᠤᠯᠵᠤ᠂ ᠸᠠᠺᠼᠢᠨ ᠤ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨ ᠬᠦ  ᠪᠠᠳᠤᠯᠠᠭᠰᠠᠨ ᠪᠠᠶᠢᠨ᠎ᠠ᠃    ᠡᠬᠡ ᠨᠢᠯᠬᠠᠰ ᠤᠨ ᠡᠷᠡᠭᠦᠯᠵᠢᠯ ᠤᠨ ᠥᠷᠲᠡᠭᠡ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠥᠪ ᠴᠦ ᠲᠣᠰ ᠤᠳᠠᠭᠠᠨ ᠤ ᠸᠠᠺᠼᠢᠨ ᠳᠠᠷᠢᠬᠤ ᠳᠤ ᠭᠦᠶᠴᠡᠳ ᠪᠡᠯᠡᠳᠬᠡᠯ ᠬᠢᠵᠦ᠂ ᠪᠡᠶ᠎ᠡ ᠶᠢᠨ ᠭᠠᠷᠤᠯ ᠢ ᠨᠤᠲᠠᠯᠠᠬᠤ᠂ ᠵᠥᠪᠰᠢᠶᠡᠷᠡᠯ ᠤᠨ ᠪᠢᠴᠢᠭ ᠲᠤ ᠭᠠᠷ ᠤᠨ ᠥᠰᠥᠭ ᠵᠢᠷᠤᠬᠤ ᠵᠢᠴᠢ ᠮᠡᠳᠡᠭᠡ ᠵᠠᠩᠭᠢ ᠴᠤᠭᠯᠠᠭᠤᠯᠬᠤ ᠳᠡᠩᠰᠡᠯᠡᠯᠲᠡ  ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠬᠤ ᠪᠠ 30 ᠮᠢᠨᠦ᠋ᠲ ᠤᠨ ᠡᠮᠨᠡᠯᠭᠡ ᠳᠤ ᠦᠯᠡᠳᠡᠭᠡᠵᠦ ᠠᠵᠢᠭᠯᠠᠬᠤ ᠬᠦᠷᠲᠡᠯ᠎ᠡ ᠴᠥᠮ ᠵᠢᠱᠢᠭᠰᠡᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠤᠷᠤᠭᠰᠢᠲᠠᠶ ᠶᠠᠪᠤᠭᠳᠠᠭᠰᠠᠨ ᠪᠠᠶᠢᠨ᠎ᠠ᠃    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠸᠠᠺᠼᠢᠨ ᠳᠠᠷᠢᠬᠤ ᠠᠵᠢᠯ  ᠢ ᠬᠢᠬᠦ ᠶᠢᠨ ᠬᠠᠮᠲᠤ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠡᠪᠦᠯ ᠬᠠᠪᠤᠷ ᠤᠨ ᠤᠯᠠᠷᠢᠯ ᠵᠢᠴᠢ ᠬᠤᠶᠠᠷ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ᠡᠬᠡ ᠪᠢᠴᠢᠭ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠵᠢᠢ ᠮᠢᠩ ᠶᠠᠨ   ᠯᠢᠦ ᠾᠧ ᠭᠦᠢ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号