ᠭᠡᠭᠡᠨ ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧ ᠴᠢ ᠮᠢᠩ ᠰᠢᠨ᠎ᠡ ᠪᠠᠶᠢᠭᠤᠯᠤᠭᠰᠠᠨ ᠨᠣᠮ ᠤᠨ ᠰᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/1/6
   12 ᠰᠠᠷ᠎ᠠ ᠶᠢᠨ 30   ᠤ ᠡᠳᠦᠷ ᠤᠨ ᠦᠳᠡ ᠶᠢᠨ ᠬᠤᠶᠢᠨ᠎ᠠ᠂ ᠬᠡᠭᠡᠨ ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧ ᠴᠢ ᠮᠢᠩ᠂ ᠳᠡᠳ᠋ ᠡᠷᠬᠢᠯᠡᠭᠴᠢ ᠭᠧ ᠵᠢᠶᠦ᠋ᠨ᠂ ᠬᠥ᠋ ᠰᠢᠶᠠᠩ ᠯᠢᠶᠠᠨ᠂ ᠯᠢᠦ ᠸᠧᠶ ᠬᠠᠮᠢᠶ᠎ᠠ ᠪᠥᠬᠦᠶ ᠬᠥᠮᠦᠰ ᠤᠨ ᠪᠠᠷ᠎ᠠ ᠪᠣᠯᠣᠯᠭ᠎ᠠ ᠲᠠᠢ  ᠪᠠᠷ ᠣᠷᠴᠢᠮᠬᠠᠨ ᠪᠠᠶᠢᠭᠤᠯᠤᠭᠳᠠᠭᠰᠠᠨ ᠨᠣᠮ ᠤᠨ ᠰᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    ᠴᠧ ᠴᠢ ᠮᠢᠩ ᠶᠠᠭᠤᠨ ᠤ ᠡᠮᠦᠨ᠎ᠡ ᠨᠣᠮ ᠤᠨ ᠰᠠᠩ ᠤᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠪᠣᠯᠤᠨ ᠨᠣᠮ ᠤᠨ ᠰᠠᠩ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠨᠣᠮ ᠤᠨ ᠰᠠᠩ ᠤᠨ ᠲᠤᠭ᠎ᠠ ᠬᠡᠮᠵᠢᠶ᠎ᠡ᠂ ᠲᠥᠷᠥᠯ ᠵᠦᠢᠯ ᠵᠢᠴᠢ ᠬᠠᠳᠠᠭᠠᠯᠠᠬᠤ ᠠᠷᠭ᠎ᠠ ᠬᠡᠮᠵᠢᠶ᠎ᠡ ᠶᠢ ᠣᠶᠢᠯᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠳᠠᠳ  ᠤ ᠨᠣᠮ ᠤᠨ ᠰᠠᠩ ᠤᠨ ᠴᠢᠳᠠᠮᠵᠢ ᠪᠣᠯᠤᠨ ᠦᠢᠯᠡᠳᠦᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠠᠶ᠃ ᠣᠶᠢᠯᠠᠭᠠᠭᠰᠠᠨ ᠢᠶᠠᠷ᠂ ᠰᠢᠨ᠎ᠡ ᠨᠣᠮ ᠤᠨ ᠰᠠᠩ ᠨᠢ ᠬᠠᠭᠤᠴᠢᠨ ᠨᠣᠮ ᠤᠨ ᠰᠠᠩ ᠲᠠᠢ ᠬᠠᠷᠢᠴᠠᠭᠤᠯᠪᠠᠯ ᠤᠯᠠᠮᠵᠢᠯᠠᠯᠲᠤ ᠵᠢᠭᠡᠯᠡᠨ ᠤᠩᠰᠢᠬᠤ ᠲᠠᠰᠤᠭ᠂ ᠬᠤᠭᠤᠴᠠᠭᠠᠲᠤ ᠰᠡᠳᠬᠦᠯ᠂ ᠰᠣᠨᠢᠨ ᠰᠡᠳᠬᠦᠯ ᠵᠢᠭᠡᠯᠡᠨ ᠤᠩᠰᠢᠬᠤ ᠲᠠᠰᠤᠭ ᠲᠠᠢ ᠪᠠᠶᠢᠬᠤ ᠠᠴᠠ ᠭᠠᠳᠠᠨ᠎ᠠ᠂ ᠪᠠᠰᠠ ᠬᠡᠷᠡᠭᠯᠡᠬᠦ ᠬᠥᠮᠦᠰ ᠵᠢᠴᠢ ᠬᠡᠷᠡᠭᠴᠡᠭᠡᠨ ᠤ ᠲᠥᠯᠥᠪᠵᠢᠭᠦᠯᠭᠡ ᠶᠣᠰᠣᠭᠠᠷ 24 ᠴᠠᠭ ᠤᠨ ᠵᠢᠭᠡᠯᠡᠨ ᠤᠩᠰᠢᠬᠤ ᠲᠠᠰᠤᠭ᠂ ᠬᠡᠦᠬᠡᠳ ᠤᠨ ᠤᠩᠰᠢᠯᠭ᠎ᠠ ᠶᠢᠨ ᠲᠠᠰᠤᠭ᠂ ᠳᠠᠪᠲᠠᠯᠭ᠎ᠠ  ᠶᠢᠨ ᠲᠠᠰᠤᠭ᠂ ᠪᠢᠴᠢᠯ ᠺᠣᠮᠫᠢᠦ᠋ᠲ᠋ᠧᠷ ᠤᠨ ᠲᠠᠰᠤᠭ ᠪᠠ ᠣᠯᠠᠨ ᠴᠢᠳᠠᠪᠤᠷᠢᠲᠤ ᠬᠤᠷᠠᠯ ᠤᠨ ᠲᠠᠰᠤᠭ ᠵᠡᠷᠭᠡ ᠢᠵᠢ ᠪᠥᠷᠢᠳᠦᠭᠰᠡᠨ ᠲᠥᠬᠦᠭᠡᠷᠦᠮᠵᠢ ᠲᠠᠢ ᠪᠠᠶᠢᠵᠤ᠂ ᠠᠳᠠᠯᠢ ᠪᠤᠰᠤ ᠬᠥᠮᠦᠰ ᠤᠨ ᠤᠩᠰᠢᠯᠭ᠎ᠠ ᠪᠠ ᠰᠤᠷᠤᠯᠴᠠᠯᠭ᠎ᠠ ᠶᠢᠨ ᠬᠡᠷᠡᠭᠴᠡᠭᠡ ᠶᠢ ᠭᠦᠶᠴᠡᠳ ᠬᠠᠩᠭᠠᠵᠤ ᠴᠢᠳᠠᠨ᠎ᠠ᠃    ᠴᠧ ᠴᠢ ᠮᠢᠩ ᠵᠢᠭᠠᠵᠤ ᠭᠠᠷᠭᠠᠭᠰᠠᠨ ᠨᠢ᠂ ᠨᠣᠮ ᠤᠨ ᠰᠠᠩ ᠪᠣᠯ ᠣᠯᠠᠨ ᠲᠦᠮᠡᠨ ᠤ ᠡᠳᠦᠷ ᠲᠤᠲᠤᠮ ᠤᠨ ᠰᠣᠶᠣᠯ ᠤᠨ ᠠᠮᠢᠳᠤᠷᠠᠯ ᠢᠶᠠᠨ ᠪᠠᠶᠠᠯᠢᠭᠵᠢᠭᠤᠯᠬᠤ ᠨᠢᠭᠡᠨ ᠴᠢᠬᠤᠯᠠ ᠠᠴᠢᠶᠠᠯᠠᠪᠤᠷᠢ ᠮᠥᠨ᠂ ᠰᠣᠶᠣᠯ ᠤᠨ ᠦᠢᠯᠡᠴᠢᠯᠡᠭᠡ ᠪᠠᠨ ᠰᠢᠨᠡᠴᠢᠯᠡᠵᠦ᠂ ᠡᠯ᠎ᠡ ᠡᠲᠡᠭᠡᠳ ᠤᠨ ᠣᠯᠠᠨ ᠲᠦᠮᠡᠨ ᠳᠤ ᠠᠰᠢᠭ ᠬᠦᠷᠲᠡᠭᠡᠵᠦ᠂ ᠬᠡᠷᠡᠭᠴᠡᠭᠡ ᠪᠣᠯᠤᠨ ᠬᠡᠷᠡᠭᠯᠡᠬᠦ ᠬᠥᠮᠦᠰ ᠤᠨ ᠠᠳᠠᠯᠢ ᠪᠤᠰᠤ ᠶᠢ ᠦᠨᠳᠦᠰᠦᠯᠡᠨ ᠴᠢᠳᠠᠪᠤᠷᠢᠲᠤ ᠣᠷᠣᠨ ᠨᠢᠭᠡᠪᠦᠷᠢ ᠳᠤ ᠪᠣᠳᠠᠲᠠᠶ ᠵᠢᠷᠤᠭ ᠲᠥᠯᠥᠪᠯᠡᠭᠡ ᠶᠢᠨ ᠲᠣᠬᠢᠷᠠᠭᠤᠯᠤᠯᠲᠠ ᠬᠢᠵᠦ᠂ ᠣᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠰᠢᠨ᠎ᠡ ᠨᠣᠮ ᠤᠨ ᠰᠠᠩ ᠤᠨ ᠪᠠᠶᠢᠪᠠᠰᠤ ᠵᠣᠬᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠡᠶ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠵᠢᠢ ᠮᠢᠩ ᠶᠠᠨ  ᠯᠢᠦ ᠭᠤᠸᠠᠩ ᠴᠧᠩ
 
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号