ᠭᠡᠭᠡᠨ ᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠪᠦᠬᠦ ᠠᠵᠢᠯᠲᠠᠨ ᠢ ᠵᠣᠬᠢᠶᠠᠨ ᠪᠠᠶᠢᠭᠤᠯᠵᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/6
    1 ᠰᠠᠷ᠎ᠠ ᠶᠢᠨ 4   ᠤ ᠡᠳᠦᠷ᠂ ᠭᠡᠭᠡᠨ ᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠲᠥᠪ ᠠᠴᠠ ᠨᠠᠮ  ᠤᠨ ᠭᠡᠰᠢᠭᠦᠨ ᠵᠢᠴᠢ ᠪᠥᠬᠦ ᠠᠵᠢᠯᠲᠠᠨ ᠢ ᠵᠣᠬᠢᠶᠠᠨ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂《 ᠳᠥᠷᠪᠡᠨ ᠦᠵᠡᠯ ᠤᠬᠠᠮᠰᠠᠷ 》 ᠢᠶᠠᠨ ᠴᠢᠩᠭᠠᠳᠬᠠᠵᠤ᠂《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ 《 ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ 》 ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠨᠠᠮ ᠪᠣᠯᠤᠨ ᠠᠷᠠᠳ ᠣᠯᠠᠨ ᠤ ᠴᠢᠰᠤ ᠮᠢᠬᠠᠨ ᠤ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠠᠷᠠᠳ ᠣᠯᠠᠨ  ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ᠃ ᠰᠢᠯᠢᠳᠡᠭ ᠨᠠᠮ ᠤᠨ ᠭᠡᠰᠢᠭᠦᠨ ᠤ ᠦᠶᠯᠡ ᠠᠵᠢᠯᠯᠠᠭ᠎ᠠ ᠵᠢᠴᠢ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠤᠨ ᠢᠯᠵᠠᠷᠠᠨ ᠳᠣᠷᠣᠶᠢᠳᠠᠭᠰᠠᠨ ᠬᠡᠷᠡᠭ ᠤᠨ ᠵᠢᠱᠢᠶ᠎ᠡ ᠶᠢ ᠲᠠᠨᠢᠯᠴᠠᠭᠤᠯᠬᠤ ᠪᠠᠷ ᠳᠠᠮᠵᠢᠭᠤᠯᠤᠨ᠂ ᠪᠥᠬᠦ ᠠᠵᠢᠯᠲᠠᠨ ᠤ ᠢᠯᠵᠠᠷᠠᠯ ᠢ ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠢᠯᠡ ᠲᠣᠳᠣ ᠪᠣᠯᠭᠠᠬᠤ ᠶᠢ ᠴᠢᠩᠭᠠᠳᠬᠠᠨ᠂ ᠬᠠᠤᠯᠢ ᠶᠣᠰᠣᠭᠠᠷ᠂ ᠵᠢᠷᠤᠮᠵᠢᠭᠤᠨ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭᠠᠨ ᠤ ᠬᠡᠪ ᠤᠨ ᠲᠣᠭᠲᠠᠴᠠ ᠶᠢ ᠪᠣᠶ ᠪᠣᠯᠭᠠᠨ᠎ᠠ᠃ ᠢᠳᠡᠬᠦ ᠠᠪᠬᠤ ᠭᠠᠴᠢᠬᠤ ᠨᠡᠬᠡᠬᠦ᠂ ᠠᠵᠢᠯ ᠦᠯᠦ ᠬᠢᠬᠦ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠶ᠂ ᠵᠣᠷᠢᠭᠤᠳᠠ ᠭᠠᠴᠢᠬᠤ᠂ ᠣᠯᠠᠨ ᠲᠦᠮᠡᠨ ᠤ ᠠᠰᠢᠭ ᠲᠤᠰᠠ ᠶᠢ ᠬᠠᠶᠢᠬᠤᠷᠬᠤ ᠦᠭᠡᠶ᠂ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠶᠢ ᠬᠤᠬᠢᠷᠠᠭᠤᠯᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠢᠯᠡ ᠲᠣᠳᠣ ᠪᠠᠷ ᠬᠢᠨᠠᠨ ᠵᠥᠪᠰᠢᠶᠡᠷᠡᠬᠦ᠂ ᠠᠷᠢᠭᠤᠨ ᠴᠢᠬᠡᠴᠢ ᠪᠠᠷ ᠠᠵᠢᠯᠯᠠᠬᠤ᠂ ᠣᠯᠠᠨ ᠲᠦᠮᠡᠨ ᠳᠤ ᠳᠥᠭᠦᠮ ᠦᠵᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃     ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠯᠭ᠎ᠠ ᠪᠠᠨ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠢᠳᠡᠪᠬᠢᠲᠡᠶ ᠠᠵᠢᠯᠯᠠᠨ ᠤᠳᠤᠷᠢᠳᠤᠯᠭ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠥᠪᠡᠷ ᠤᠨ ᠠᠮᠢᠳᠤᠷᠠᠯ ᠤᠨ ᠦᠨ᠎ᠡ ᠥᠷᠲᠡᠭ ᠢᠶᠠᠨ ᠪᠡᠶᠡᠯᠡᠭᠦᠯᠦᠨ᠎ᠡ ᠭᠡᠵᠦ ᠠᠵᠢᠯᠲᠠᠳ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠭᠡᠪᠡ᠃ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠤᠯᠠᠮᠵᠢᠯᠠᠯ ᠢᠶᠠᠨ ᠢᠮᠠᠭᠲᠠ ᠪᠠᠷᠢᠮᠲᠠᠯᠠᠵᠤ᠂ ᠨᠠᠮ ᠤᠨ ᠵᠣᠷᠢᠯᠲᠠ ᠶᠢ ᠬᠢᠴᠢᠶᠡᠩᠭᠦᠶᠢᠯᠡᠨ ᠰᠠᠬᠢᠵᠤ᠂ ᠡᠪ ᠬᠠᠮᠲᠤ ᠶᠣᠰᠣᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠢᠮᠠᠭᠲᠠ ᠪᠠᠷᠢᠮᠲᠠᠯᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠪᠤᠢ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠬᠦᠰᠡᠯᠡᠩ ᠪᠠ ᠢᠲᠡᠭᠡᠯ ᠵᠣᠷᠢᠭ  ᠢᠶᠠᠨ ᠠᠵᠢᠯ ᠤᠨ ᠪᠠᠶᠢᠷᠢ ᠳᠡᠭᠡᠷ᠎ᠡ ᠪᠠᠨ ᠭᠢᠯᠠᠯᠵᠠᠭᠤᠯᠬᠤ ᠬᠡᠷᠡᠭᠲᠡᠢ᠃ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠤᠪᠴᠢᠶ᠎ᠡᠵᠤᠬᠢᠶᠠᠭᠴᠢ᠄ ᠰᠦᠨ ᠬᠠᠢ ᠯᠥᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号