ᠠᠯᠦ᠋ᠩᠱᠠᠨ ᠪᠠᠯᠭᠠᠰᠤ ᠬᠤᠲᠠ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/1/8
  ᠰᠢᠨ᠎ᠡ ᠵᠢᠯ ᠬᠦᠷᠴᠦ ᠢᠷᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠬᠡᠮᠵᠢᠶ᠎ᠡ ᠨᠡᠮᠡᠭᠳᠡᠵᠦ᠂ ᠭᠠᠯ ᠤᠨ ᠠᠶᠤᠯ ᠤᠨ ᠳᠠᠯᠳᠠ ᠬᠡᠮ ᠢᠯᠡᠷᠬᠡᠶ ᠨᠡᠮᠡᠭᠳᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠶᠢᠨ ᠲᠥᠯᠥᠭᠡ᠂ ᠠᠯᠦ᠋ᠩᠱᠠᠨ ᠪᠠᠯᠭᠠᠰᠤ ᠪᠠᠶᠠᠷ ᠳᠤᠷᠠᠰᠬᠠᠯᠲᠤ ᠠᠮᠠᠷᠠᠯᠲᠠ ᠶᠢᠨ ᠡᠳᠦᠷ ᠤᠨ ᠠᠮᠠᠷᠠᠬᠤ ᠴᠠᠭ ᠢᠶᠠᠨ ᠲᠠᠶᠠᠭᠳᠠᠵᠤ᠂ ᠪᠥᠬᠦ ᠪᠠᠯᠭᠠᠰᠤᠨ ᠤ ᠬᠡᠪᠴᠢᠶᠡᠨ ᠳᠤ ᠬᠤᠲᠠ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃    ᠠᠯᠦ᠋ᠩᠱᠠᠨ ᠪᠠᠯᠭᠠᠰᠤ ᠶᠢᠨ ᠠᠵᠢᠯᠲᠠᠳ ᠬᠠᠷᠢᠶᠠᠲᠤ ᠣᠷᠣᠨ ᠤ ᠡᠯ᠎ᠡ ᠰᠠᠭᠤᠭᠠᠯᠢ ᠠᠷᠠᠳ ᠤᠨ ᠣᠷᠣᠨ ᠰᠠᠭᠤᠴᠠ᠂ ᠵᠡᠭᠡᠯᠢ ᠳᠠᠭᠠᠤ ᠳᠡᠯᠭᠡᠬᠦᠷ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠳᠤ ᠶᠡᠭᠡ ᠪᠠᠶᠢᠴᠠᠭᠠᠯᠲᠠ ᠬᠢᠵᠦ᠂ ᠴᠠᠬᠢᠯᠭᠠᠨ ᠱᠤᠭᠤᠮ ᠤᠨ ᠬᠠᠭᠤᠴᠢᠷᠠᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠬᠤᠯᠠᠩ ᠤᠨ ᠦᠨᠳᠦᠰᠦᠨ ᠬᠡᠰᠡᠭ᠂ ᠭᠠᠯ ᠤᠨ ᠬᠡᠷᠡᠮ ᠤᠨ ᠣᠷᠴᠢᠮ ᠠᠮᠠᠷᠬᠠᠨ ᠰᠢᠲᠠᠬᠤ ᠪᠣᠳᠠᠰ  ᠤᠨ ᠪᠠᠶᠢᠳᠠᠯ ᠪᠠᠶᠢᠬᠤ ᠡᠰᠡᠬᠦ᠂ ᠭᠡᠷ ᠳᠣᠲᠣᠷ᠎ᠠ ᠳᠦᠷᠢᠮ ᠠᠴᠠ ᠵᠦᠷᠢᠴᠡᠭᠰᠡᠨ ᠴᠢᠶ᠋ᠢᠦ᠂ ᠴᠠᠶᠢᠶ᠋ᠢᠦ ᠲᠣᠰᠣ ᠬᠠᠳᠠᠭᠠᠯᠠᠭᠰᠠᠨ ᠪᠠᠶᠢᠳᠠᠯ ᠪᠠᠶᠢᠬᠤ ᠡᠰᠡᠬᠦ᠂ ᠭᠡᠷ ᠲᠤ ᠦᠢᠯᠡ ᠠᠵᠢᠯᠯᠠᠭ᠎ᠠ ᠦᠭᠡᠢ ᠪᠡᠶ᠎ᠡ ᠪᠠᠨ ᠡᠵᠡᠮᠳᠡᠵᠦ ᠳᠡᠶᠢᠯᠬᠦ ᠦᠭᠡᠢ ᠣᠨᠴᠠᠭᠠᠢ ᠬᠠᠮᠲᠤᠯᠢᠭ ᠤᠨ ᠪᠠᠶᠢᠳᠠᠯ ᠪᠠᠶᠢᠬᠤ ᠡᠰᠡᠬᠦ᠂ ᠵᠡᠭᠡᠯᠢ ᠳᠠᠭᠠᠤ ᠳᠡᠯᠭᠡᠬᠦᠷ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠪᠠ ᠭᠠᠯ ᠤᠨᠲᠠᠷᠠᠭᠠᠬᠤ ᠲᠥᠬᠦᠭᠡᠷᠦᠮᠵᠢ ᠶᠢᠨ ᠣᠨ ᠤ ᠪᠠᠶᠢᠴᠠᠭᠠᠯᠲᠠ ᠶᠢᠨ ᠪᠠᠶᠢᠳᠠᠯ᠂《 ᠠᠮᠤᠷ ᠲᠦᠪᠰᠢᠨ ᠭᠠᠷᠬᠤ ᠡᠭᠦᠳᠡ 》 ᠶᠢᠨ ᠲᠡᠮᠳᠡᠭ ᠪᠣᠯᠤᠨ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠣᠨᠣᠭᠯᠠᠯ ᠵᠡᠷᠭᠡ ᠪᠠᠶᠢᠳᠠᠯ ᠪᠠᠶᠢᠬᠤ ᠡᠰᠡᠬᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠢᠷᠮᠠᠶᠢᠨ ᠠᠷᠢᠯᠭᠠᠬᠤ ᠬᠡᠷᠡᠭᠲᠡᠶ᠃    ᠬᠤᠲᠠ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠨ᠂ ᠥᠷᠭᠡᠨ ᠣᠯᠠᠨ ᠰᠠᠭᠤᠭᠠᠯᠢ ᠠᠷᠠᠳ ᠤᠨ ᠬᠤᠲᠠ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠪᠠᠲᠤ ᠪᠠᠬᠢ ᠪᠣᠯᠭᠠᠵᠤ᠂ ᠣᠯᠠᠨ ᠤ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠣᠨᠣᠯᠵᠢᠬᠤᠨ ᠢ ᠣᠯᠠᠨ ᠲᠦᠮᠡᠨ ᠪᠣᠯᠤᠨ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠪᠠ᠃ᠡᠬᠡ ᠪᠢᠴᠢᠭ ᠤᠨ ᠢᠷᠡᠯᠲᠡ᠄ ᠠᠯᠦ᠋ᠩᠱᠠᠨ ᠪᠠᠯᠭᠠᠰᠤᠵᠤᠬᠢᠶᠠᠭᠴᠢ᠄ ᠯᠢᠶᠠᠩ ᠯᠢ ᠭᠥᠸᠧ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号