ᠳ᠋ᠦᠩ ᠱᠤᠸᠠᠩ ᠮᠢᠩ ᠢᠯᠠᠮ᠎ᠠ ᠶᠢᠨ ᠰᠢᠷ᠎ᠠ ᠶᠢ ᠳᠠᠵᠢᠭᠡᠨ ᠦᠷᠡᠵᠢᠭᠦᠯᠵᠤ ᠵᠣᠯ ᠵᠢᠷᠭᠠᠯ ᠤᠨ ᠵᠠᠮ ᠢ ᠡᠬᠢᠯᠡᠭᠦᠯᠵᠡᠢ
ᠨᠡᠶᠢᠲᠡᠯᠡᠭᠰᠡᠨ ᠴᠠᠭ᠄
2021/1/8
   ᠵᠣᠯ ᠵᠢᠷᠭᠠᠯ ᠢ ᠲᠡᠮᠡᠴᠡᠵᠦ ᠪᠠᠶᠢᠭᠠᠳ ᠣᠯᠳᠠᠭ᠂ ᠭᠡᠭᠡᠨ ᠭᠤᠤᠯ ᠤᠨ ᠣᠢ ᠰᠢᠭᠤᠶ ᠶᠢᠨ ᠲᠣᠪᠴᠢᠶ᠎ᠠ ᠶᠢᠨ ᠬᠤᠯᠢᠫᠦ᠋ ᠣᠢ ᠰᠢᠭᠤᠶ ᠶᠢᠨ ᠲᠠᠯᠠᠪᠠᠢ ᠶᠢᠨ ᠠᠵᠢᠯᠲᠠᠨ ᠳ᠋ᠦᠩ ᠱᠤᠸᠠᠩ ᠮᠢᠩ ᠯᠠᠪᠳᠠᠭᠤᠨ ᠪᠠᠲᠤᠲᠠᠶ ᠠᠵᠢᠯᠯᠠᠵᠤ᠂ ᠬᠦᠴᠦ ᠬᠥᠯᠥᠰᠥ ᠪᠠ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠰᠢᠨ᠎ᠡ ᠠᠮᠢᠳᠤᠷᠠᠯ ᠢ ᠴᠣᠭᠴᠠᠯᠠᠪᠠ᠃ ᠲᠡᠭᠦᠨ ᠤ ᠲᠠᠷᠢᠭᠰᠠᠨ ᠢᠯᠠᠮ᠎ᠠ ᠶᠢᠨ ᠰᠢᠷ᠎ᠠ ᠨᠢ ᠬᠠᠬᠢᠷ ᠬᠦᠢᠲᠡᠨ ᠭᠡᠭᠡᠨ ᠭᠤᠣᠯ ᠳᠤ ᠠᠮᠵᠢᠯᠲᠠ ᠣᠯᠪᠠ᠃    ᠳ᠋ᠦᠩ ᠱᠤᠸᠠᠩ ᠮᠢᠩ ᠤᠨ ᠳᠠᠷᠢᠭᠰᠠᠨ ᠬᠦᠯᠡᠮᠵᠢ ᠳᠤ ᠣᠷᠣᠬᠤ ᠳᠤ᠂ ᠲᠦᠮᠡᠨ ᠢᠯᠠᠮ᠎ᠠ ᠶᠢᠨ ᠰᠢᠷ᠎ᠠ ᠮᠥᠭᠦ  ᠶᠢᠨ ᠤᠭᠤᠲᠠᠨ ᠳᠤ ᠠᠯᠲᠠᠨ ᠰᠢᠷᠭᠠᠯ ᠰᠠᠷᠠᠨ ᠬᠡᠯᠪᠡᠷᠢᠲᠡᠶ ᠤᠷᠭᠤᠵᠤ᠂ ᠤᠷᠭᠤᠴᠠ ᠶᠢᠨ ᠪᠠᠶᠢᠳᠠᠯ ᠨᠢ ᠬᠦᠮᠤᠰ ᠢ ᠪᠠᠶᠠᠰᠬᠠᠨ᠎ᠠ᠂ ᠢᠯᠠᠮᠠᠨ ᠰᠢᠷ᠎ᠠ ᠪᠣᠯ ᠨᠢᠭᠡ ᠵᠦᠶᠯ ᠤᠨ ᠤᠯᠠᠮᠵᠢᠯᠠᠯᠲᠤ ᠡᠮ ᠳᠤ ᠬᠡᠷᠡᠭᠯᠡᠬᠦ ᠮᠠᠲ᠋ᠧᠷᠢᠶᠠᠯ ᠮᠥᠨ᠂ ᠲᠡᠭᠦᠨ ᠤ ᠡᠮ ᠤᠨ ᠵᠦᠶ ᠶᠢᠨ ᠴᠢᠳᠠᠮᠵᠢ ᠨᠢ 20 ᠭᠠᠷᠤᠶ ᠵᠦᠶᠯ ᠪᠠᠶᠢᠵᠤ᠂ ᠥᠷᠭᠡᠨ ᠳᠡᠯᠭᠡᠷ ᠡᠮ ᠳᠤ ᠬᠡᠷᠡᠭᠯᠡᠬᠦ ᠪᠠ ᠡᠷᠡᠭᠦᠯᠵᠢᠯ ᠤᠨ ᠵᠠᠬ᠎ᠠ ᠳᠡᠯᠭᠡᠭᠦᠷ ᠤᠨ ᠨᠢᠭᠤᠭᠳᠠᠮᠠᠯ ᠬᠦᠴᠤᠨ ᠲᠠᠢ ᠪᠠᠶᠢᠵᠤ᠂ ᠤᠯᠠᠮ ᠠᠴᠠ ᠤᠯᠠᠮ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠪᠠ ᠡᠮᠴᠢᠯᠡᠭᠡᠨ ᠤ ᠠᠵᠢᠯᠲᠠᠨ ᠤ ᠠᠩᠬᠠᠷᠤᠯ ᠢ ᠲᠠᠲᠠᠵᠤ ᠪᠠᠶᠢᠨ᠎ᠠ᠃ ᠳ᠋ᠦᠩ ᠱᠤᠸᠠᠩ ᠮᠢᠩ ᠶᠠᠭ ᠢᠯᠠᠮ᠎ᠠ ᠶᠢᠨ ᠰᠢᠷ᠎ᠠ ᠭᠡᠬᠦ ᠡᠨᠡᠬᠦ ᠠᠵᠤ ᠦᠶᠯᠡᠰ ᠤᠨ ᠬᠥᠭᠵᠢᠯᠲᠡ ᠶᠢᠨ ᠢᠷᠡᠭᠡᠳᠦᠶ ᠶᠢ ᠣᠯᠵᠤ ᠬᠠᠷᠠᠨ᠂ ᠨᠢᠳᠤᠨᠤᠨ ᠭᠢᠷᠢᠨ ᠮᠤᠵᠢ ᠠᠴᠠ ᠲᠦᠮᠡᠨ ᠤᠭᠤᠲᠠ ᠢᠯᠠᠮ᠎ᠠ ᠶᠢᠨ ᠰᠢᠷ᠎ᠠ ᠶᠢᠨ ᠦᠷ᠎ᠡ ᠶᠢ ᠣᠷᠣᠭᠤᠯᠪᠠ᠃    ᠢᠯᠠᠮ᠎ᠠ ᠶᠢᠨ ᠰᠢᠷ᠎ᠠ ᠶᠢ ᠵᠠᠶᠢᠯᠠᠭᠰᠠᠨ ᠬᠦᠯᠡᠮᠵᠢ ᠨᠢᠳᠦ ᠭᠢᠯᠠᠰᠤᠮ᠎ᠠ ᠨᠡᠷᠡᠨ ᠤ ᠭᠡᠷᠡᠯ ᠢ ᠲᠤᠰᠠᠭᠠᠷᠯᠠᠵᠤ᠂ ᠰᠦᠷᠴᠢᠭᠦᠷ ᠨᠢ ᠤᠰᠤᠨ ᠮᠠᠨᠠᠨ ᠰᠦᠷᠴᠢᠵᠦ᠂ ᠪᠦᠬᠦᠶᠢᠯᠡ ᠬᠦᠯᠡᠮᠵᠢ ᠳᠤ ᠴᠢᠬᠢᠭᠯᠢᠭ ᠨᠤᠶᠢᠳᠠᠨ᠃ 《 ᠡᠨᠡ ᠪᠣᠯ ᠢᠯᠠᠮ᠎ᠠ ᠶᠢᠨ ᠰᠢᠷ᠎ᠠ ᠶᠢᠨ ᠬᠠᠮᠤᠭ ᠤᠨ ᠳᠤᠷᠠᠲᠠᠶ ᠥᠰᠥᠯᠲᠡ ᠶᠢᠨ ᠣᠷᠴᠢᠨ ᠲᠣᠭᠤᠷᠢᠨ ᠪᠣᠯᠤᠨ᠎ᠠ 》 ᠭᠡᠵᠤ ᠳ᠋ᠦᠩ ᠱᠤᠸᠠᠩ ᠮᠢᠩ ᠰᠤᠷᠪᠤᠯᠵᠢᠯᠠᠭᠴᠢ ᠳᠤ ᠬᠡᠯᠡᠪᠡ᠃    ᠬᠤᠯᠢᠫᠦ᠋ ᠣᠶ ᠰᠢᠭᠤᠶ ᠶᠢᠨ ᠲᠠᠯᠠᠪᠠᠶ ᠳ᠋ᠦᠩ ᠱᠤᠸᠠᠩ ᠮᠢᠩ᠄  ᠢᠯᠠᠮ᠎ᠠ ᠶᠢᠨ ᠰᠢᠷ᠎ᠠ ᠬᠠᠯᠠᠭᠤᠨ ᠠᠴᠠ ᠠᠶᠤᠵᠤ ᠂ ᠬᠦᠶᠲᠡᠨ ᠠᠴᠠ ᠠᠶᠤᠬᠤ ᠦᠭᠡᠢ᠂ 33 ᠭᠷᠠᠳᠦ᠋ᠰ ᠠᠴᠠ ᠬᠡᠲᠦᠷᠡᠪᠡᠯ ᠤᠷᠭᠤᠬᠤ ᠪᠠᠨ ᠵᠤᠭᠰᠤᠳᠠᠭ᠃ ᠬᠡᠳᠦᠶ ᠬᠦᠢᠲᠡᠨ ᠪᠣᠯ ᠴᠢᠨᠠᠷ ᠨᠢ ᠲᠡᠳᠦᠶ ᠰᠠᠶᠢᠨ ᠪᠠᠶᠢᠳᠠᠭ᠃ ᠡᠪᠦᠯ ᠳᠤ ᠬᠠᠮᠢᠶᠠᠷᠬᠤ ᠬᠡᠷᠡᠭ ᠦᠭᠡᠢ᠂ ᠢᠴᠡᠭᠡᠯᠡᠵᠦ᠂ ᠳᠠᠷᠠᠭ᠎ᠠ ᠵᠢᠯ ᠤᠨ ᠬᠠᠪᠤᠷ ᠪᠣᠯᠬᠤ ᠳᠤ ᠪᠠᠰᠠ ᠦᠷᠭᠦᠯᠵᠢᠯᠡᠨ ᠤᠷᠭᠤᠨ᠎ᠠ᠃ ᠡᠶᠢᠮᠦ ᠠᠴᠠ᠂ ᠢᠯᠠᠮ᠎ᠠ ᠶᠢᠨ ᠰᠢᠷ᠎ᠠ ᠶᠢ ᠭᠡᠭᠡᠨ ᠭᠤᠣᠯ ᠤᠨ ᠰᠢᠭᠤᠶᠢᠲᠤ ᠣᠷᠣᠨ ᠤ ᠠᠵᠢᠯᠴᠢᠨ ᠪᠣᠯᠤᠨ ᠠᠷᠠᠳ ᠤᠯᠠᠨ ᠲᠠᠷᠢᠵᠤ ᠲᠡᠵᠢᠭᠡᠬᠦ ᠳᠤ ᠲᠣᠬᠢᠷᠠᠨ᠎ᠠ᠃ ᠬᠡᠯᠪᠡᠷᠢ ᠪᠠᠨ ᠬᠤᠪᠢᠷᠠᠭᠤᠯᠤᠭᠰᠠᠨ ᠤ ᠳᠠᠷᠠᠭ᠎ᠠ᠂ ᠲᠣᠰ ᠲᠥᠷᠥᠯ ᠵᠦᠶᠯ ᠨᠢ ᠰᠢᠭᠤᠶᠢᠲᠤ ᠣᠷᠣᠨ ᠤ ᠬᠥᠭᠵᠢᠯᠲᠡ  ᠳᠤ ᠨᠡᠯᠢᠶᠡᠳ ᠳᠣᠭᠢᠷᠠᠵᠤ᠂ ᠬᠥᠭᠵᠢᠯᠲᠡ ᠶᠢᠨ ᠢᠷᠡᠭᠡᠳᠦᠶ ᠲᠠᠢ ᠪᠣᠯᠵᠠᠶ᠂ ᠪᠢ ᠺᠣᠮᠫᠠᠨᠢ ᠲᠠᠢ ᠬᠤᠷᠢᠶᠠᠨ ᠠᠪᠬᠤ ᠭᠡᠷ᠎ᠡ  ᠲᠤᠭᠲᠠᠨ᠂ 1 ᠺᠢᠯᠣᠭ᠍ᠷᠠᠮ 700 ᠲᠥᠭᠦᠷᠢᠭ ᠭᠡᠵᠤ ᠦᠨ᠎ᠡ ᠲᠤᠭᠳᠠᠵᠠᠢ᠂ ᠨᠢᠳᠤᠨᠤᠨ ᠤ ᠵᠠᠬ᠎ᠠ ᠳᠡᠯᠭᠡᠭᠦᠷ ᠨᠡᠮᠡᠭᠳᠡᠭᠡᠳ 1600 ᠪᠣᠯᠵᠠᠶ᠂ ᠮᠢᠨᠦ ᠬᠦᠯᠡᠮᠵᠢ ᠣᠨᠣᠯ ᠳᠡᠭᠡᠷ᠎ᠡ 100 ᠲᠦᠮᠡ ᠬᠦᠷᠲᠡᠯ᠎ᠡ ᠬᠤᠳᠠᠯᠳᠤᠵᠤ ᠲᠠᠶᠢᠯᠤᠨ᠎ᠠ᠃    ᠢᠯᠠᠮ᠎ᠠ ᠶᠢᠨ ᠰᠢᠷ᠎ᠠ ᠲᠠᠷᠢᠬᠤ ᠨᠢ ᠵᠥᠪᠬᠡᠨ ᠳ᠋ᠦᠩ ᠱᠤᠸᠠᠩ ᠮᠢᠩ ᠤᠨ ᠦᠶᠯᠡᠰ ᠪᠣᠰᠬᠠᠬᠤ ᠶᠢᠨ ᠨᠢᠭᠡ ᠬᠡᠰᠡᠭ ᠮᠦᠨ᠂ 2015 ᠣᠨ ᠳᠤ ᠮᠣᠳᠣ ᠣᠭᠲᠣᠯᠬᠤ ᠪᠠᠨ ᠵᠣᠭᠰᠣᠭᠰᠠᠨ ᠤ ᠳᠠᠷᠠᠭ᠎ᠠ᠂ ᠲᠡᠷᠡ ᠪᠠᠰᠠ ᠣᠶ ᠰᠢᠭᠤᠶ ᠶᠢᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠳᠡᠮᠵᠢᠯᠭᠡ ᠳᠣᠤᠷ᠎ᠠ ᠬᠠᠷ᠎ᠠ ᠳᠠᠯᠳᠠᠤ ᠶᠢ ᠲᠡᠵᠢᠭᠡᠨ ᠦᠷᠡᠵᠢᠭᠦᠯᠬᠦ ᠠᠵᠢᠯ  ᠢ ᠬᠢᠵᠦ᠂  ᠮᠦ ᠳ᠋ᠤᠸᠠᠨ ᠥᠷᠲᠡᠭᠡ ᠶᠢ ᠠᠰᠢᠭᠯᠠᠨ ᠵᠢᠭᠤᠯᠴᠢᠯᠠᠯ ᠬᠢᠵᠦ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠵᠠᠶ᠃    ᠬᠤᠯᠢᠫᠦ᠋ ᠣᠢ ᠰᠢᠭᠤᠶ ᠶᠢᠨ ᠲᠠᠯᠠᠪᠠᠢ ᠳ᠋ᠦᠩ ᠱᠤᠸᠠᠩ ᠮᠢᠩ᠄ ᠳᠡᠯᠳᠡᠦ ᠪᠠ ᠢᠯᠠᠮ᠎ᠠ ᠶᠢᠨ ᠰᠢᠷ᠎ᠠ ᠪᠠᠷ ᠳᠠᠮᠵᠢᠨ ᠂ ᠡᠨᠡ ᠬᠡᠳᠦᠨ ᠵᠢᠯ ᠴᠦ ᠰᠠᠶᠢᠨ ᠪᠣᠯᠵᠠᠶ᠂ ᠨᠢᠳᠤᠨᠤᠨ ᠪᠠᠰᠠ ᠨᠢᠭᠡ ᠲᠡᠷᠭᠡ ᠬᠤᠳᠠᠯᠳᠤᠨ ᠠᠪᠴᠤ᠂ ᠥᠷᠲᠡᠭᠡ ᠳᠤ  ᠵᠤᠭᠠᠴᠠᠯ ᠤᠨ ᠤᠶᠢᠯᠡᠰ ᠡᠷᠬᠢᠯᠡᠵᠡᠢ᠃ ᠣᠢ ᠰᠢᠭᠤᠶ ᠶᠢᠨ ᠲᠣᠪᠴᠢᠶ᠎ᠠ ᠨᠠᠳᠠ ᠳᠤ ᠮᠠᠰᠢ ᠶᠡᠭᠡ ᠳᠡᠮᠵᠢᠯᠭᠡ ᠦᠵᠡᠭᠦᠯᠵᠡᠶ᠂ ᠬᠤᠵᠢᠮ ᠪᠢ ᠬᠡᠷᠪᠡ ᠠᠮᠵᠢᠯᠲᠠ ᠣᠯᠪᠠᠯ᠂ ᠠᠵᠢᠯᠲᠠᠨ ᠢᠶᠠᠨ ᠳᠠᠭᠠᠭᠤᠯᠤᠨ ᠬᠠᠮᠲᠤ ᠪᠠᠷ ᠪᠠᠶᠠᠵᠢᠨ᠎ᠠ ᠭᠡᠵᠤ ᠬᠡᠯᠡᠪᠡ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠳ᠋ᠦᠩ ᠶᠠᠨ  ᠳ᠋ᠦᠩ ᠮᠢᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号