ᠬᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠭᠧᠩ ᠬᠤᠤ ᠬᠡᠭᠡᠨ ᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/1/8
    1 ᠰᠠᠷ᠎ᠠ ᠶᠢᠨ 5   ᠤ ᠦᠳᠡ ᠶᠢᠨ ᠡᠮᠦᠨ᠎ᠡ᠂ ᠬᠡᠭᠡᠨ ᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠭᠧᠩ ᠬᠤᠤ ᠬᠡᠭᠡᠨ ᠭᠤᠤᠯ ᠬᠤᠲᠠ ᠶᠢᠨ ᠭᠠᠶᠢᠯᠢ  ᠶᠢᠨ ᠶᠠᠪᠤᠳᠠᠯ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠭᠡᠭᠡᠨ ᠭᠤᠤᠯ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶᠠᠨ ᠤ ᠬᠠᠷᠢᠭᠤᠴᠠᠯᠭᠠᠳᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠭᠧᠩ ᠬᠤᠤ ᠡᠩ ᠲᠡᠷᠢᠭᠦᠨ ᠳᠤ ᠬᠡᠭᠡᠨ ᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠢᠩᠬᠢᠮ ᠳᠤ ᠬᠦᠷᠴᠦ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠭᠠᠶᠢᠯᠢ ᠶᠢᠨ ᠶᠠᠪᠤᠳᠠᠯ ᠤᠨ ᠦᠶᠯᠡᠴᠢᠯᠡᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ ᠤᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠰᠣᠨᠣᠰᠪᠠ᠃    ᠭᠡᠭᠡᠨ ᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠭᠧᠩ ᠬᠤᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ 2020 ᠣᠨ ᠳᠤ ᠣᠯᠤᠭᠰᠠᠨ ᠠᠮᠵᠢᠯᠲᠠ ᠪᠦᠲᠦᠮᠵᠢ ᠶᠢ ᠭᠦᠶᠴᠡᠳ ᠨᠤᠲᠠᠯᠠᠭᠰᠠᠨ ᠤ ᠬᠠᠮᠲᠤ᠂ 2020 ᠣᠨ ᠳᠤ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ᠂ ᠢᠯᠠᠩᠭᠤᠶ᠎ᠠ ᠦᠨᠳᠦᠰᠦᠨ ᠱᠠᠲᠤᠨ ᠤ ᠭᠠᠶᠢᠯᠢ ᠶᠢᠨ ᠶᠠᠪᠤᠳᠠᠯ ᠤᠨ ᠺᠠᠳ᠋ᠷ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠶᠯᠡᠴᠢᠯᠡᠭᠡ ᠪᠠᠨ ᠴᠢᠩᠭᠠᠳᠬᠠᠵᠤ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠡᠯ᠎ᠡ ᠵᠦᠶᠯ ᠤᠨ ᠠᠵᠢᠯ ᠪᠠᠶᠠᠷᠯᠠᠭᠤᠰᠢᠲᠠᠶ ᠠᠮᠵᠢᠯᠲᠠ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ  ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠭᠡᠭᠡᠨ ᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠤ ᠠᠬᠤᠶ ᠶᠢᠨ ᠬᠥᠭᠵᠢᠯᠲᠡ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠬᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠥᠬᠦ ᠬᠤᠲᠠ ᠶᠢᠨ ᠠᠵᠤ ᠠᠬᠤᠶ  ᠶᠢᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃   ᠭᠧᠩ ᠬᠤᠤ ᠱᠠᠭᠠᠷᠳᠠᠭᠰᠠᠨ ᠨᠢ᠂ 2021 ᠣᠨ ᠪᠣᠯ《 ᠠᠷᠪᠠᠨ ᠳᠥᠷᠪᠡᠳᠦᠭᠡᠷ ᠲᠠᠪᠤᠨ ᠵᠢᠯ 》 ᠤᠨ ᠡᠬᠢᠯᠡᠯᠲᠡ ᠶᠢᠨ ᠵᠢᠯ ᠪᠣᠯᠤᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠷᠴᠢ ᠵᠣᠷᠢᠭ ᠢᠶᠠᠨ ᠬᠥᠪᠴᠢᠯᠡᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠬᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠯᠠᠪᠳᠠᠭᠤᠨ ᠪᠠᠲᠤᠲᠠᠶ ᠠᠵᠢᠯᠯᠠᠵᠤ᠂ ᠢᠳᠡᠪᠬᠢᠲᠡᠶ ᠠᠵᠢᠯᠯᠠᠨ᠂ ᠡᠷᠴᠢ ᠵᠣᠷᠢᠭ ᠢᠶᠠᠨ ᠭᠦᠶᠴᠡᠳ ᠪᠠᠳᠠᠷᠠᠭᠤᠯᠵᠤ᠂ ᠭᠠᠶᠢᠯᠢ ᠶᠢᠨ ᠶᠠᠪᠤᠳᠠᠯ ᠲᠠᠲᠠᠪᠤᠷᠢᠯᠠᠬᠤ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠶᠢᠯᠢ ᠶᠢᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠶᠢ ᠬᠦᠰᠡᠵᠦ ᠪᠠᠶᠢᠨ᠎ᠠ ᠭᠡᠪᠡ᠃ ᠤᠨᠤᠯ ᠤᠨ ᠰᠤᠷᠤᠯᠴᠠᠯᠭ᠎ᠠ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠪᠢᠴᠢᠭ ᠮᠠᠲ᠋ᠧᠷᠢᠶᠠᠯ ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭ᠎ᠠ ᠶᠢ ᠲᠤᠭᠤᠷᠠᠳᠠᠯ᠎ᠠ ᠣᠶᠢᠯᠠᠭᠠᠵᠤ᠂ ᠤᠨᠤᠪᠴᠢᠲᠠᠢ ᠦᠢᠯᠡᠴᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠦᠢᠯᠡᠴᠢᠯᠡᠭᠡ ᠪᠠᠨ ᠴᠢᠩᠭᠠᠳᠬᠠᠵᠤ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠭᠠᠶᠢᠯᠢ ᠶᠢᠨ ᠶᠠᠪᠤᠳᠠᠯ ᠤᠨ ᠡᠯ᠎ᠡ ᠵᠦᠢᠯ ᠤᠨ ᠠᠵᠢᠯ ᠢ ᠬᠠᠮᠲᠤᠪᠠᠷ ᠴᠢᠷᠮᠠᠶᠢᠨ ᠰᠠᠶᠢᠲᠤᠷ ᠬᠢᠬᠦ ᠬᠡᠷᠡᠭᠲᠡᠶ᠃ ᠠᠵᠢᠯ ᠤᠨ ᠳᠤᠮᠳᠠᠬᠢ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠭᠦᠶᠴᠡᠳ ᠠᠭᠤᠳᠠᠯᠵᠤ᠂ ᠠᠵᠢᠯ ᠤᠨ ᠬᠢᠯᠠᠰ ᠴᠡᠭ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠴᠢᠨ ᠤ ᠠᠵᠢᠯ ᠬᠢᠵᠦ ᠦᠶᠯᠡᠰ ᠪᠤᠰᠬᠠᠬᠤ 《 ᠴᠤᠭ ᠵᠢᠪᠬᠤᠭ᠎ᠠ 》   ᠶᠢ ᠬᠥᠭᠵᠢᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠶᠢᠯᠢ  ᠶᠢᠨ ᠶᠠᠪᠤᠳᠠᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠭᠠᠶᠢᠯᠢ ᠶᠢᠨ ᠶᠠᠪᠤᠳᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠶᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠰᠢᠶᠧ ᠵᠢᠶᠠ   ᠯᠢᠦ ᠭᠤᠸᠠᠩ ᠴᠧᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号