ᠬᠥᠯᠥᠨ ᠪᠣᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠹᠠᠨ ᠶᠤᠸᠠᠢ ᠮᠠᠨ ᠤ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠶᠯᠡᠴᠢᠯᠡᠭᠡᠨ ᠤ ᠲᠦᠪ ᠲᠤ ᠬᠦᠷᠴᠤ ᠴᠠᠭᠠᠨ ᠰᠠᠷ᠎ᠠ ᠠᠴᠠ ᠡᠮᠤᠨᠡᠬᠢ ᠲᠣᠬᠤᠨᠢᠭᠤᠯᠬᠤ ᠶᠢᠨ ᠠᠵᠢᠯᠯᠠᠭ᠎ᠠ ᠦᠷᠨᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/1/8
 2021 ᠣᠨ ᠤ 1 ᠰᠠᠷ᠎ᠠ ᠶᠢᠨ 5   ᠤ ᠦᠳᠡ ᠶᠢᠨ ᠬᠤᠶᠢᠨ᠎ᠠ᠂ ᠬᠥᠯᠥᠨ ᠪᠣᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠹᠠᠨ ᠶᠤᠸᠠᠢ᠂ ᠳᠡᠳ᠋ ᠬᠤᠲᠠ ᠶᠢᠨ ᠳᠠᠷᠤᠭ᠎ᠠ ᠼᠤᠤ ᠷᠦᠢ ᠹᠠᠩ ᠤᠨ ᠪᠠᠷ᠎ᠠ ᠪᠣᠯᠣᠯᠭ᠎ᠠ ᠪᠠᠷ ᠬᠡᠭᠡᠨ ᠭᠤᠤᠯ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠲᠤ ᠬᠦᠷᠴᠦ᠂ ᠪᠠᠶᠠᠷ ᠤᠨ ᠡᠳᠦᠷ ᠤᠨ ᠡᠮᠦᠨ᠎ᠡ ᠲᠣᠬᠤᠨᠢᠭᠤᠯᠬᠤ ᠶᠢᠨ ᠠᠵᠢᠯᠯᠠᠭ᠎ᠠ ᠦᠷᠨᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃    ᠭᠡᠭᠡᠨ ᠭᠤᠣᠯ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ᠂ ᠹᠠᠨ ᠶᠤᠸᠠᠢ ᠪᠦᠬᠦ ᠠᠵᠢᠯᠴᠢᠨ ᠪᠣᠯᠤᠨ ᠬᠦᠷᠢᠶᠡᠨ ᠳᠣᠲᠣᠷᠠᠬᠢ ᠨᠠᠰᠤᠲᠠᠶᠢᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃ ᠲᠡᠷᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠠᠭᠠᠷᠯᠠᠬᠤ ᠲᠠᠰᠤᠭ᠂ ᠲᠣᠭᠤᠭᠠᠨ ᠬᠡᠷ᠂ ᠬᠤᠭᠤᠯᠠᠨ ᠬᠡᠷ ᠵᠡᠷᠭᠡ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠵᠢᠯᠲᠠᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠭᠰᠡᠨ ᠪᠥᠭᠡᠳ ᠣᠶᠢᠯᠠᠭᠠᠵᠤ᠂ ᠠᠵᠢᠯᠲᠠᠳ ᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠦᠷᠭᠡᠨ ᠬᠥᠳᠡᠯᠦᠯᠴᠡᠨ ᠢᠳᠡᠪᠬᠢᠲᠡᠶ ᠴᠤᠤᠷᠢᠶᠠᠲᠤᠨ ᠳᠠᠭᠠᠵᠤ᠂ ᠤᠳᠠᠭᠠᠨ ᠳᠠᠭᠠᠭᠠᠮᠠᠭᠠᠶ ᠲᠡᠶᠢᠨ ᠬᠢᠬᠦ ᠪᠡᠯᠡᠳᠬᠡᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠲᠡᠷᠡ ᠪᠠᠰᠠ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠪᠣᠯᠤᠨ ᠨᠠᠰᠤᠲᠠᠶᠢᠴᠤᠳ ᠤᠨ ᠲᠣᠰ ᠪᠡᠶ᠎ᠡ ᠶᠢᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠴᠤᠬᠤᠶᠢᠵᠤ ᠪᠠᠶᠢᠬᠤ ᠦᠶ᠎ᠡ ᠳᠤᠨᠢ ᠰᠢᠶᠳᠪᠦᠷᠢᠯᠡᠵᠦ᠂ ᠬᠦᠷᠢᠶᠡᠨ ᠳᠣᠲᠣᠷᠠᠬᠢ ᠨᠠᠰᠤᠲᠠᠶᠢᠴᠤᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠠᠰᠤᠲᠠᠶᠢᠴᠤᠳ ᠢ ᠪᠠᠶᠠᠷ ᠬᠥᠷ ᠲᠠᠢ ᠡᠶ᠎ᠡ ᠨᠠᠶᠢᠷᠰᠠᠭ ᠢᠶᠠᠷ ᠰᠢᠨᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ᠵᠣᠬᠢᠶᠠᠯ ᠤᠨ ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠡ ᠵᠣᠬᠢᠶᠠᠭᠴᠢ᠄ ᠯᠢᠦ ᠶᠠᠨ ᠴᠦᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号