ᠭᠡᠭᠡᠨ ᠭᠤᠤᠯ ᠬᠤᠲᠠ 2021 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/8
  1 ᠰᠠᠷ᠎ᠠ ᠶᠢᠨ 7   ᠤ ᠦᠳᠡ ᠶᠢᠨ ᠡᠮᠦᠨ᠎ᠡ᠂ ᠭᠡᠭᠡᠨ ᠭᠤᠤᠯ ᠬᠤᠲᠠ ᠳᠤ 2021 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ᠃ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠡ ᠶᠢᠨ ᠳᠠᠷᠤᠭ᠎ᠠ ᠭᠧᠩ ᠬᠤᠤ᠂ ᠭᠡᠭᠡᠨ ᠭᠤᠣᠯ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠦ ᠳ᠋ᠦᠩ ᠵᠢᠴᠢ ᠬᠤᠯᠪᠣᠭᠳᠠᠯ ᠪᠦᠬᠦᠢ ᠨᠢᠭᠡᠴᠢ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃   ᠯᠢᠦ ᠳ᠋ᠦᠩ ᠪᠣᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠭᠡᠨ ᠭᠤᠤᠯ ᠬᠤᠲᠠ ᠶᠢᠨ 2020 ᠣᠨ ᠤ ᠴᠡᠷᠢᠭ ᠡᠯᠰᠡᠬᠦ ᠠᠵᠢᠯ ᠢ ᠳ᠋ᠦᠩᠨᠡᠭᠰᠡᠨ ᠤ ᠬᠠᠮᠲᠤ ᠡᠨᠡ ᠵᠢᠯ ᠤᠨ ᠴᠡᠷᠢᠭ ᠡᠯᠰᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ 2020 ᠣᠨ ᠤ ᠬᠥᠯᠥᠨ ᠪᠣᠶᠢᠷ ᠬᠤᠲᠠ ᠶᠢᠨ ᠲᠠᠰ ᠤᠨ ᠴᠡᠷᠢᠭ ᠡᠯᠰᠡᠬᠦ ᠠᠵᠢᠯ ᠤᠨ ᠲᠡᠷᠢᠭᠦᠨ ᠤ ᠬᠠᠮᠲᠤ ᠨᠡᠶᠢᠲᠡ ᠪᠠ ᠬᠤᠪᠢ ᠬᠥᠮᠦᠨ ᠵᠢᠴᠢ ᠬᠡᠭᠡᠨ ᠭᠤᠤᠯ ᠬᠤᠲᠠ ᠶᠢᠨ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠶᠢᠨ ᠨᠡᠷᠡᠰ ᠢ ᠨᠡᠶᠢᠲᠡᠯᠡᠪᠡ᠃ ᠭᠧᠩ ᠬᠤᠤ᠂ ᠯᠢᠦ ᠳ᠋ᠦᠩ ᠨᠡᠷ ᠱᠠᠩᠨᠠᠯ ᠭᠥᠷᠳᠡᠭᠰᠡᠳ ᠪᠠ ᠤᠷᠢᠭᠳᠠᠭᠰᠠᠳ ᠲᠤ ᠪᠦᠴᠡ᠂ ᠱᠠᠩᠨᠠᠯ ᠤᠨ ᠪᠢᠴᠢᠭ ᠵᠢᠴᠢ ᠤᠷᠢᠯᠭ᠎ᠠ ᠶᠢᠨ ᠪᠢᠴᠢᠭ ᠭᠠᠷᠳᠠᠭᠤᠯᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠪᠠᠰᠠ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠦᠭᠡ ᠬᠡᠯᠡᠵᠡᠶ᠃    ᠭᠧᠩ ᠬᠤᠤ ᠵᠢᠭᠠᠵᠤ ᠭᠠᠷᠭᠠᠭᠰᠠᠨ ᠨᠢ᠂ ᠴᠡᠷᠢᠭ ᠡᠯᠰᠡᠬᠦ ᠠᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠨ᠂ ᠤᠯᠤᠰ ᠣᠷᠣᠨ ᠤ ᠶᠡᠭᠡ ᠶᠠᠪᠤᠳᠠᠯ ᠮᠥᠨ᠂ ᠴᠡᠷᠢᠭ ᠪᠠᠶᠢᠭᠤᠯᠬᠤ ᠶᠢᠨ ᠦᠨᠳᠦᠰᠦ ᠮᠥᠨ᠂ ᠪᠠᠰᠠ ᠴᠤ ᠵᠠᠰᠠᠭ ᠤᠨ ᠣᠷᠳᠣᠨ ᠤ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠠᠶᠢᠳᠠᠯ ᠢ ᠬᠢᠨᠠᠮᠠᠭᠠᠢ ᠰᠠᠶᠢᠲᠤᠷ ᠡᠵᠡᠮᠰᠢᠨ᠂ ᠴᠡᠷᠢᠭ ᠡᠯᠰᠡᠬᠦ ᠠᠵᠢᠯ ᠤᠨ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ ᠢ ᠦᠨᠡᠨᠬᠦ ᠨᠡᠮᠡᠭᠳᠡᠭᠦᠯᠵᠦ᠂ ᠴᠡᠷᠢᠭ ᠡᠯᠰᠡᠬᠦ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ ᠴᠡᠷᠢᠭ ᠤᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠡᠷᠢᠭ ᠡᠯᠰᠡᠬᠦ ᠶᠠᠪᠤᠴᠠ ᠳᠤ ᠴᠡᠷᠢᠭ ᠡᠯᠰᠡᠬᠦ ᠬᠠᠮᠢᠶ᠎ᠠ ᠪᠥᠬᠦᠶ ᠱᠠᠭᠠᠷᠳᠠᠯᠭ᠎ᠠ  ᠶᠢ ᠴᠢᠩᠭ᠎ᠠ ᠵᠢᠷᠤᠮᠯᠠᠵᠤ᠂ ᠴᠢᠩᠭ᠎ᠠ ᠬᠢᠨᠠᠨ ᠬᠠᠷᠭᠤᠭᠤᠯᠵᠤ᠂ ᠬᠠᠤᠯᠢ ᠶᠣᠰᠣᠭᠠᠷ ᠴᠡᠷᠢᠭ ᠡᠯᠰᠡᠬᠦ᠂ ᠢᠯᠠᠩᠭᠤᠶ᠎ᠠ ᠠᠷᠢᠭᠤᠨ ᠴᠢᠬᠡᠴᠢ ᠪᠠᠷ ᠴᠡᠷᠢᠭ ᠡᠯᠰᠡᠬᠦ ᠡᠨᠡ ᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠬᠠᠷᠠᠭᠠᠯᠵᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠭᠡᠭᠡᠨ ᠭᠤᠣᠯ ᠬᠤᠳᠠ ᠳᠤ ᠴᠡᠷᠢᠭ ᠢᠶᠠᠨ ᠬᠠᠶᠢᠷᠠᠯᠠᠵᠤ ᠴᠡᠷᠢᠭ ᠤᠨ ᠡᠷᠳᠡᠮ ᠢ ᠳᠡᠭᠡᠳᠦᠯᠡᠬᠦ ᠥᠳᠬᠡᠨ ᠵᠤᠵᠠᠭᠠᠨ ᠠᠭᠤᠷ ᠠᠮᠢᠰᠬᠤᠯ  ᠢ ᠤᠯᠠᠮ ᠴᠢᠨᠠᠭᠰᠢᠳᠠ ᠪᠤᠢ ᠪᠣᠯᠭᠠᠵᠤ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠵᠠᠯᠠᠭᠤᠴᠤᠳ ᠢ ᠴᠡᠷᠢᠭ ᠲᠤ ᠣᠷᠣᠭᠤᠯᠵᠤ ᠤᠯᠤᠰ ᠲᠠᠭᠠᠨ ᠠᠴᠢ ᠬᠠᠷᠢᠭᠤᠯᠬᠤ ᠪᠣᠯᠭᠠᠬᠤ ᠬᠡᠷᠡᠭᠲᠡᠢ᠃ ᠢᠯᠠᠩᠭᠤᠶ᠎ᠠ ᠬᠠᠪᠤᠷ ᠤᠨ ᠤᠯᠠᠷᠢᠯ ᠤᠨ ᠴᠡᠷᠢᠭ ᠡᠯᠰᠡᠬᠦ ᠡᠨᠡ ᠬᠦ ᠵᠠᠩᠭᠢᠯᠠᠭ᠎ᠠ ᠶᠢᠨ ᠴᠠᠭ ᠦᠶ᠎ᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠨ᠎ᠠ᠂ ᠴᠡᠷᠢᠭ ᠡᠯᠰᠡᠬᠦ ᠠᠵᠢᠯ ᠢ ᠥᠷᠨᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠨ ᠪᠠᠶᠢᠴᠠᠭᠠᠬᠤ᠂ ᠠᠷᠢᠭᠤᠳᠬᠠᠬᠤ᠂ ᠲᠤᠰᠠᠭᠠᠷᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠲᠡᠭᠦᠯᠳᠡᠷᠵᠢᠭᠦᠯᠬᠦ ᠬᠡᠷᠡᠭᠲᠡᠶ᠃ ᠡᠨᠡ ᠵᠢᠯ ᠤᠨ ᠴᠡᠷᠢᠭ ᠡᠯᠰᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠵᠢᠢ ᠮᠢᠩ ᠶᠠᠨ  ᠯᠢᠦ ᠭᠦᠢ ᠾᠧ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号