ᠭᠡᠭᠡᠨ ᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠳᠤᠭᠤᠶᠢᠯᠠᠩ ᠣᠯᠭᠤᠶᠠ ᠡᠸᠡᠩᠬᠢ ᠦᠨᠳᠦᠰᠦᠲᠡᠨ ᠤ ᠰᠢᠶᠠᠩ ᠳᠤ ᠬᠦᠷᠴᠦ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/2/1
 1 ᠰᠠᠷ᠎ᠠ ᠶᠢᠨ 27   ᠤ ᠦᠳᠡ ᠶᠢᠨ ᠡᠮᠦᠨ᠎ᠡ᠂ ᠭᠡᠭᠡᠨ ᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠳᠤᠭᠤᠶᠢᠯᠠᠩ ᠣᠯᠭᠤᠶᠠ ᠡᠸᠡᠩᠬᠢ ᠦᠨᠳᠦᠰᠦᠲᠡᠨ ᠤ ᠰᠢᠶᠠᠩ ᠳᠤ ᠬᠦᠷᠴᠦ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠷᠢᠳ ᠬᠤᠵᠢᠳ ᠤᠯᠭᠤᠶᠠ ᠡᠸᠠᠩᠬᠢ ᠦᠨᠳᠤᠰᠤᠳᠠᠨ ᠤ ᠰᠢᠶᠠᠩ ᠤᠨ ᠬᠠᠷᠢᠶ᠎ᠠ ᠣᠷᠣᠨ ᠤ ᠵᠢᠭᠤᠯᠴᠢᠯᠠᠯ ᠤᠨ ᠺᠣᠮᠫᠠᠨᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠳᠡᠯᠭᠡᠭᠦᠷ᠂ ᠬᠡᠲᠦ ᠳᠡᠯᠭᠡᠭᠦᠷ ᠵᠡᠷᠭᠡ ᠲᠠᠯᠠᠪᠤᠷ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠵᠤ ᠭᠠᠷᠬᠤ ᠬᠥᠮᠦᠰ ᠢ ᠳᠠᠩᠰᠠᠯᠠᠭᠰᠠᠨ ᠪᠠᠶᠢᠳᠠᠯ᠂ ᠪᠡᠶ᠎ᠡ ᠶᠢᠨ ᠬᠠᠯᠠᠭᠤᠨ ᠢ ᠬᠡᠮᠵᠢᠭᠰᠡᠨ ᠪᠠᠶᠢᠳᠠᠯ᠂ ᠬᠢᠵᠢᠭ ᠢ ᠰᠡᠷᠭᠡᠶᠢᠯᠡᠬᠦ ᠲᠥᠬᠦᠭᠡᠷᠦᠮᠵᠢ  ᠶᠢᠨ ᠪᠦᠷᠢᠨ ᠲᠡᠭᠦᠯᠳᠡᠷ ᠪᠠᠶᠢᠳᠠᠯ ᠵᠡᠷᠭᠡ ᠳᠤ ᠪᠥᠬᠦ ᠲᠠᠯ᠎ᠠ ᠶᠢᠨ ᠨᠠᠷᠢᠯᠢᠭ ᠪᠠᠶᠢᠴᠠᠭᠠᠯᠲᠠ ᠬᠢᠪᠠ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠦᠨ ᠳ᠋ᠡ ᠵᠢᠶᠦ᠋ᠨ ᠣᠨᠴᠠ ᠵᠠᠷᠢᠮ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠣᠰᠣᠭᠠᠷ ᠬᠤᠯᠪᠣᠭᠳᠠᠯ ᠪᠦᠬᠦᠢ ᠲᠠᠯᠠᠪᠤᠷ  ᠢ ᠵᠢᠯᠣᠭᠤᠳᠴᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠠᠷᠭ᠎ᠠ ᠳᠤᠷᠠᠳᠴᠠᠢ    ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠤᠨ ᠬᠢᠨ  ᠤᠯᠭᠤᠶᠠ ᠡᠸᠠᠩᠬᠢ ᠦᠨᠳᠤᠰᠤᠳᠠᠨ ᠤ ᠰᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠤᠳᠠᠯᠠᠨ᠂ ᠲᠠᠷᠠᠭᠠᠴᠢ  ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠤᠯᠭ᠎ᠠ ᠳᠤᠷᠠᠳᠬᠤ ᠶᠢᠨ ᠬᠠᠮᠲᠤ ᠴᠢᠬᠤᠯᠠᠴᠢᠯᠠᠭᠰᠠᠨ ᠨᠢ᠂ ᠵᠢᠯ ᠤᠨ ᠡᠴᠦᠰ ᠪᠤᠯᠵᠤ᠂ ᠬᠦᠮᠤᠰ ᠤᠨ ᠰᠢᠯᠵᠢᠯᠲᠡ ᠶᠡᠭᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠴᠢᠨᠠᠷ ᠢ ᠦᠨᠡᠨ ᠬᠦ ᠲᠠᠨᠢᠬᠤ ᠬᠡᠷᠡᠭᠲᠡᠢ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠤᠯᠭᠤᠶᠠ ᠡᠸᠠᠩᠬᠢ ᠦᠨᠳᠤᠰᠤᠳᠠᠨ ᠤ ᠰᠢᠶᠠᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠡᠭᠡᠨ ᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠶᠯ ᠤᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠳᠤᠯᠠᠨ ᠂ ᠠᠷᠠᠳ ᠢᠷᠭᠡᠳ ᠤᠨ ᠠᠮᠤᠷ ᠠᠮᠤᠭᠤᠯᠠᠩ᠂ ᠵᠣᠯ ᠵᠢᠷᠭᠠᠯ ᠲᠠᠢ᠂ ᠥᠯᠵᠡᠶᠢᠲᠦ ᠴᠠᠭᠠᠨ ᠰᠠᠷ᠎ᠠ ᠦᠩᠭᠡᠷᠡᠭᠦᠯᠬᠦ ᠶᠢ ᠪᠠᠳᠤᠯᠠᠬᠤ ᠬᠡᠷᠡᠭᠲᠡᠢ᠃ᠡᠬᠡ ᠪᠢᠴᠢᠭ ᠤᠨ ᠢᠷᠡᠯᠲᠡ᠄ ᠤᠯᠭᠤᠶᠠ ᠡᠸᠠᠩᠬᠢ ᠦᠨᠳᠤᠰᠤᠳᠠᠨ ᠤ ᠰᠢᠶᠠᠩᠵᠣᠬᠢᠶᠠᠭᠴᠢ᠄ ᠯᠢᠦ ᠯᠢ ᠶᠣᠣ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号