ᠭᠡᠭᠡᠨ ᠭᠤᠣᠯ ᠬᠤᠲᠠ ᠶᠢᠨ ᠬᠤᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠢ ᠳᠤ ᠬᠥᠯᠥᠨ ᠪᠤᠶᠢᠷ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠸᠢᠳᠢᠣ᠋ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/2/1
   1 ᠰᠠᠷ᠎ᠠ ᠶᠢᠨ 28   ᠤ ᠡᠳᠦᠷ᠂ ᠬᠥᠯᠥᠨ ᠪᠣᠶᠢᠷ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠷᠠᠯ ᠬᠤᠷᠠᠯᠳᠤᠪᠠ᠃ ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠦᠨ ᠢ ᠯᠦᠩ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ᠬᠥᠯᠥᠨ ᠪᠣᠶᠢᠷ ᠬᠤᠲᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠲᠤᠬᠠᠶ ᠰᠢᠰᠲ᠋ᠧᠮ ᠲᠠᠢ ᠳ᠋ᠦᠩᠨᠡᠯᠲᠡ ᠬᠢᠵᠦ ᠪᠥᠬᠦ ᠲᠠᠯ᠎ᠠ ᠪᠠᠷ ᠪᠠᠶᠢᠷᠢᠯᠠᠭᠤᠯᠤᠯᠲᠠ ᠬᠢᠪᠠ᠃ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠤᠤ ᠶᠦᠨ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ᠂ ᠴᠠᠭᠳᠠᠨ ᠪᠠᠶᠢᠴᠠᠭᠠᠬᠤ ᠠᠯᠪᠠᠨ ᠭᠡᠷ᠂ ᠴᠠᠭᠳᠠᠨ ᠪᠠᠶᠢᠴᠠᠭᠠᠬᠤ ᠳᠤᠭᠤᠶᠢᠯᠠᠩ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠵᠢᠷᠤᠮᠯᠠᠯ ᠮᠥᠨ᠂ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠮᠥᠨ᠃ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠥᠬᠦᠳᠡ ᠬᠤᠷᠠᠯ  ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠡᠨᠡ ᠵᠢᠯ ᠤᠨ ᠠᠵᠢᠯ  ᠢᠶᠠᠨ ᠨᠠᠷᠢᠨ ᠬᠢᠨᠠᠮᠠᠭᠠᠶ ᠲᠥᠯᠥᠪᠵᠢᠭᠦᠯᠵᠦ᠂ ᠡᠯ᠎ᠡ ᠵᠦᠶᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠡᠯ᠎ᠡ ᠵᠦᠶᠯ ᠤᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ᠡᠬᠡ ᠪᠢᠴᠢᠭ ᠤᠨ ᠢᠷᠡᠯᠲᠡ᠄ ᠲᠧᠯᠸᠢᠰ ᠬᠤᠷᠢᠶ᠎ᠡᠵᠤᠬᠢᠶᠠᠭᠴᠢ᠄ ᠳ᠋ᠦ᠋ ᠨᠠᠨ   ᠵᠢᠢ ᠮᠢᠩ ᠶᠠᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号