ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠠᠭᠠᠨ ᠰᠠᠷ᠎ᠠ ᠶᠢᠨ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/2/18
 ᠴᠠᠭᠠᠨ ᠰᠠᠷ᠎ᠠ ᠣᠶᠢᠷᠠᠲᠤᠯ᠎ᠠ᠂ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠣᠯᠠᠨ ᠲᠦᠮᠡᠨ ᠤ ᠪᠠᠶᠠᠷ ᠬᠥᠷ ᠲᠠᠢ ᠠᠮᠤᠷ ᠠᠮᠤᠭᠤᠯᠠᠩ ᠰᠢᠨ᠎ᠡ ᠵᠢᠯ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 8 ᠤ ᠡᠳᠦᠷ᠂ ᠾᠧ ᠳ᠋ᠦᠩ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠬᠠᠷᠢᠶ᠎ᠠ ᠣᠷᠣᠨ ᠤ ᠪᠠᠨ ᠳᠣᠲᠣᠷ᠎ᠠ ᠠᠶᠤᠯᠭᠦᠶ ᠦᠶᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃    ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠭᠤᠤᠯᠳᠠᠭᠤ ᠬᠠᠷᠢᠶ᠎ᠠ ᠣᠷᠣᠨ ᠤ ᠳᠣᠲᠣᠷᠠᠬᠢ ᠬᠤᠭᠤᠯᠠᠨ ᠬᠡᠷ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠰᠦᠯᠵᠢᠶᠡᠨ ᠤ ᠪᠠᠭᠠᠷ᠂ ᠳᠠᠭᠤᠤ ᠶᠢᠨ ᠲᠢᠩᠬᠢᠮ᠂ ᠪᠡᠶ᠎ᠡ ᠤᠬᠢᠶᠠᠬᠤ ᠲᠥᠪ ᠵᠡᠷᠭᠡ ᠵᠤᠭ᠎ᠠ ᠴᠡᠩᠭᠡᠯ ᠤᠨ ᠲᠠᠯᠠᠪᠤᠷ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠠᠵᠤ ᠠᠬᠤᠶᠢᠯᠠᠯ᠂ ᠫᠤᠤᠵᠢᠩ ᠬᠤᠳᠠᠯᠳᠤᠬᠤ ᠲᠠᠯᠠᠪᠤᠷ ᠪᠠ ᠪᠠᠷᠠᠭᠠᠨ ᠤ ᠭᠦᠶᠯᠭᠡᠭᠡᠨ ᠤ ᠦᠶᠯᠡᠴᠢᠯᠡᠭᠡᠨ ᠤ ᠠᠵᠢᠯ ᠲᠥᠷᠥᠯ ᠳᠤ ᠭᠦᠨᠵᠡᠭᠡᠶ ᠰᠤᠷᠪᠤᠯᠵᠢᠯᠠᠭ᠎ᠠ ᠬᠢᠪᠠ᠃    ᠪᠠᠶᠢᠴᠠᠭᠠᠬᠤ ᠳᠤᠭᠤᠶᠢᠯᠠᠩ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠳᠠᠯ ᠵᠢᠴᠢ ᠫᠤᠤᠵᠢᠩ ᠬᠤᠳᠠᠯᠳᠤᠬᠤ ᠬᠤᠳᠠᠯᠳᠤᠭᠠᠴᠢᠨ ᠤ ᠬᠠᠮᠢᠶ᠎ᠠ ᠪᠦᠬᠦᠢ ᠡᠵᠡᠩᠨᠡᠯᠲᠡ ᠶᠢᠨ ᠭᠠᠷᠳᠠᠮ ᠢ ᠭᠤᠤᠯᠳᠠᠯᠭ᠎ᠠ ᠲᠠᠢ ᠪᠠᠶᠢᠴᠠᠭᠠᠪᠠ᠃ ᠭᠠᠯ ᠤᠨᠲᠠᠷᠠᠭᠠᠭᠤᠷ ᠤᠨ ᠦᠶᠯᠡᠳᠪᠦᠷᠢᠯᠡᠭᠰᠡᠨ ᠡᠳᠦᠷ ᠬᠤᠭᠤᠴᠠᠭ᠎ᠠ᠂ ᠰᠠᠪᠠ  ᠶᠢᠨ ᠭᠠᠳᠠᠷ ᠪᠠᠶᠢᠳᠠᠯ ᠢ ᠬᠢᠨᠠᠮᠠᠭᠠᠶ ᠪᠠᠶᠢᠴᠠᠭᠠᠨ ᠦᠵᠡᠵᠦ᠂ ᠬᠡᠯᠪᠡᠷᠢ ᠨᠢ ᠬᠤᠪᠢᠷᠠᠭᠰᠠᠨ᠂ ᠭᠡᠮᠲᠦᠭᠰᠡᠨ᠂ ᠬᠤᠭᠤᠴᠠᠭ᠎ᠠ ᠨᠢ ᠬᠡᠲᠦᠷᠡᠭᠰᠡᠨ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠬᠠᠷᠢᠶ᠎ᠠ ᠣᠷᠣᠨ ᠤ ᠪᠠᠨ ᠳᠣᠲᠣᠷᠠᠬᠢ ᠮᠣᠳᠣᠨ ᠮᠠᠲ᠋ᠧᠷᠢᠶᠠᠯ ᠪᠤᠯᠪᠠᠰᠤᠷᠠᠭᠤᠯᠬᠤ ᠠᠵᠤ ᠠᠬᠤᠶᠢᠯᠠᠯ  ᠤᠨ ᠨᠠᠷᠢᠨ ᠲᠣᠭᠤᠰᠣ ᠶᠢ ᠰᠢᠶᠳᠪᠦᠷᠢᠯᠡᠭᠰᠡᠨ ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠳᠠᠯᠳᠠ ᠭᠡᠮ ᠦᠯᠡᠳᠡᠭᠡᠬᠦ ᠦᠭᠡᠶ ᠪᠠᠶᠢᠬᠤ ᠶᠢ ᠡᠷᠡᠰ ᠪᠡᠶᠡᠯᠡᠭᠦᠯᠪᠡ᠃ ᠡᠭᠦᠨ ᠤ ᠬᠠᠮᠲᠤ ᠡᠯ᠎ᠡ ᠬᠠᠷᠢᠭᠤᠴᠠᠯᠭᠠᠳᠠᠳ ᠢ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠶᠤᠯᠭᠦᠶ ᠦᠶᠯᠡᠳᠪᠦᠷᠢᠯᠡᠯ᠂ ᠠᠮᠤᠷ ᠲᠦᠪᠰᠢᠨ ᠢᠶᠠᠷ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠡᠴᠦᠰ ᠲᠤ᠂ ᠪᠠᠶᠢᠴᠠᠭᠠᠬᠤ ᠳᠤᠭᠤᠶᠢᠯᠠᠩ ᠪᠠᠶᠢᠴᠠᠭᠠᠬᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ  ᠳᠤ ᠴᠠᠭ ᠲᠤᠬᠠᠶ ᠳᠤᠨᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠭᠰᠠᠨ ᠪᠥᠭᠡᠳ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭᠠᠵᠤ᠂ ᠡᠯ᠎ᠡ ᠲᠥᠷᠥᠯ ᠤᠨ ᠳᠠᠯᠳᠠ ᠬᠡᠮ ᠢ ᠴᠢᠷᠮᠠᠶᠢᠨ ᠠᠷᠢᠯᠭᠠᠪᠠ᠃ ᠲᠣᠰ ᠤᠳᠠᠭᠠᠨ ᠤ ᠪᠠᠶᠠᠷ  ᠤᠨ ᠡᠳᠦᠷ ᠠᠴᠠ ᠡᠮᠦᠨᠡᠬᠢ ᠪᠠᠶᠢᠴᠠᠭᠠᠯᠲᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠢ ᠦᠨᠡᠨ ᠬᠦ ᠪᠠᠲᠤᠯᠠᠪᠠ᠃ᠡᠬᠡ ᠪᠢᠴᠢᠭ ᠤᠨ ᠢᠷᠡᠯᠲᠡ᠄ ᠾᠧ ᠳ᠋ᠦᠩ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号