ᠭᠡᠭᠡᠨ ᠭᠤᠣᠯ ᠬᠤᠳᠠ ᠶᠢᠨ ᠳ᠋ᠧᠯᠪᠤᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ | ᠬᠢᠨ ᠭᠡᠭᠡᠨ ᠭᠤᠣᠯ ᠬᠤᠳᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠮᠵᠢᠲᠡᠢ ᠠᠷᠭ᠎ᠠ | ᠬᠡᠮᠵᠢᠶ᠎ᠡ ᠠᠪᠴᠤ ᠪᠠᠶᠢᠭᠠᠳ《 ᠬᠥᠮᠦᠨ 》᠂《 ᠪᠣᠳᠠᠰ 》 ᠢ ᠵᠡᠷᠭᠡᠪᠡᠷ ᠰᠡᠷᠭᠡᠶᠢᠯᠡᠵᠦ᠂《 ᠬᠢᠵᠢᠭ ᠲᠤ | ᠬᠤᠯᠪᠣᠭᠳᠠᠭᠰᠠᠨ 》ᠠᠮᠢᠳᠤᠷᠠᠯ ᠤᠨ ᠡᠳ᠋ ᠪᠣᠳᠠᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ | ᠭᠠᠷᠭᠠᠭᠰᠠᠨ ᠬᠦᠢᠳᠡᠨ ᠬᠡᠯᠬᠢᠶᠡᠲᠦ ᠮᠢᠬᠠᠨ ᠤ ᠲᠦᠷᠦᠯ ᠤᠨ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠪᠣᠯᠤᠨ | ᠪᠤᠰᠤᠳ《 ᠬᠢᠵᠢᠭ ᠲᠤ ᠬᠤᠯᠪᠣᠭᠳᠠᠭᠰᠠᠨ 》ᠬᠦᠢᠳᠡᠨ ᠬᠡᠯᠬᠢᠶᠡᠲᠦ ᠢᠳᠡᠭᠡᠨ᠂ ᠠᠮᠤ ᠪᠤᠳᠠᠭ᠎ᠠ᠂ ᠡᠮ ᠤᠨ ᠵᠦᠢᠯ | ᠵᠡᠷᠭᠡ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠶᠣᠰᠣᠭᠠᠷ ᠪᠠᠶᠢᠴᠠᠭᠠᠨ ᠪᠢᠲᠡᠭᠦᠮᠵᠢᠯᠡᠵᠦ᠂ | ᠴᠠᠭ ᠲᠤᠬᠠᠢ ᠳᠤᠨᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠵᠣᠬᠢᠴᠠᠭᠤᠯᠵᠤ᠂ 《 | ᠬᠢᠵᠢᠭ ᠲᠤ ᠬᠤᠯᠪᠣᠭᠳᠠᠭᠰᠠᠨ 》 ᠡᠳ᠋ ᠪᠣᠳᠠᠰ ᠪᠣᠯᠤᠨ ᠬᠠᠮᠢᠶ᠎ᠠ ᠪᠦᠬᠦᠢ ᠤᠢᠢᠷᠠᠳᠤᠭᠰᠠᠠ ᠬᠥᠮᠦᠰ ᠠᠴᠠ ᠦᠯᠢᠭᠡᠷ | ᠠᠪᠴᠤ ᠂ ᠪᠦᠭᠡᠮ ᠬᠦᠴᠢᠯ ᠤᠨ ᠪᠠᠶᠢᠴᠠᠭᠠᠯᠲᠠ ᠬᠢᠵᠠᠢ᠃ ᠣᠳᠣᠬᠠᠨ ᠪᠣᠯᠲᠠᠯ᠎ᠠ᠂《 ᠬᠥᠮᠦᠨ 》᠂《 ᠪᠣᠳᠠᠰ | 》 ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ᠃ | 2021 ᠣᠨ ᠤ 1 ᠰᠠᠷ᠎ᠠ ᠳᠤ᠂ ᠪᠠᠶᠢᠴᠠᠭᠠᠨ ᠪᠢᠲᠡᠭᠦᠮᠵᠢᠯᠡᠭᠰᠡᠨ ᠠᠩᠭᠡᠯᠢ ᠤᠯᠤᠰ ᠤᠨ ᠭᠠᠭ᠋ᠠᠶ ᠶᠢᠨ ᠰᠡᠭᠦᠯ | ᠤᠨ ᠶᠠᠰᠤ 22 ᠬᠠᠶᠢᠷᠴᠠᠭ ( 220 ᠺᠢᠯᠣᠭ᠍ᠷᠠᠮ )᠂ ᠬᠦᠷᠦᠯᠴᠡᠭᠰᠡᠳ 4 ᠬᠥᠮᠦᠨ᠂ ᠪᠥᠭᠡᠮ ᠬᠦᠴᠢᠯ ᠤᠨ ᠥᠯᠢᠭᠡᠷ | ᠡᠳ᠋ 2 ᠤᠳᠠᠭ᠎ᠠ ᠠᠪᠴᠤ᠂ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ《 ᠬᠢᠵᠢᠭ ᠲᠤ ᠬᠤᠯᠪᠣᠭᠳᠠᠭᠰᠠᠨ | 》ᠬᠥᠯᠳᠡᠭᠡᠭᠰᠡᠨ ᠭᠠᠭ᠋ᠠᠶ ᠶᠢᠨ ᠲᠣᠬᠤᠢ 19 ᠬᠠᠶᠢᠷᠴᠠᠭ ( 190 ᠺᠢᠯᠣᠭ᠍ᠷᠠᠮ )᠂ ᠬᠥᠯᠳᠡᠭᠡᠭᠰᠡᠨ ᠨᠠᠷᠢᠯᠢᠭ ᠭᠠᠭ᠋ᠠᠶ | ᠶᠢᠨ ᠰᠢᠭᠢᠷ᠎ᠡ 12 ᠬᠠᠶᠢᠷᠴᠠᠭ ( 120 ᠺᠢᠯᠣᠭ᠍ᠷᠠᠮ )᠂ ᠲᠤᠲᠤᠷᠭ᠎ᠠ 44 ᠤᠭᠤᠲᠠ ( 1100 ᠺᠢᠯᠣᠭ᠍ᠷᠠᠮ )᠂ | ᠡᠮ ᠤᠨ ᠵᠦᠶᠯ 1 ᠬᠠᠶᠢᠷᠴᠠᠭ᠂ ᠬᠦᠷᠦᠯᠴᠡᠭᠰᠡᠳ 4 ᠬᠥᠮᠦᠨ ᠳᠤ ᠲᠣᠰ ᠲᠣᠰ ᠪᠥᠭᠡᠮ ᠬᠦᠴᠢᠯ ᠤᠨ ᠥᠯᠢᠭᠡᠷ | ᠡᠳ᠋ 1 ᠤᠳᠠᠭ᠎ᠠ ᠠᠪᠴᠤ᠂ 《 ᠬᠥᠮᠦᠨ 》 《 ᠪᠣᠳᠠᠰ 》 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠦᠷ᠎ᠡ ᠳ᠋ᠦᠩ ᠨᠢ ᠴᠥᠮ ᠪᠢᠯᠢᠭ ᠴᠢᠨᠠᠷᠲᠠᠶ᠃ | ᠡᠬᠡ ᠪᠢᠴᠢᠭ ᠤᠨ ᠢᠷᠡᠯᠲᠡ᠄ ᠭᠡᠭᠡᠡ ᠭᠤᠣᠯ ᠬᠤᠳᠡ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ | ᠵᠤᠬᠢᠶᠠᠭᠴᠢ᠄ ᠶᠠᠩ ᠱᠤᠸᠠᠩ ᠯᠢᠩ |