ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ
ᠨᠡᠶᠢᠲᠡᠯᠡᠭᠰᠡᠨ ᠴᠠᠭ᠄
2021/2/20
  ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ    2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ    ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠠᠬᠢᠭᠤᠯᠵᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ        ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠯ ᠵᠠᠰᠠᠭ ᠤᠨ ᠣᠷᠳᠣᠨ ᠠᠷᠠᠳ ᠤᠨ ᠲᠦᠯᠦᠭᠡ ᠡᠭᠦᠷᠭᠡ ᠲᠤᠰᠢᠶᠠᠯ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠮᠥᠨ᠃ ᠨᠢᠳᠤᠨᠤᠨ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠲᠤᠭ᠎ᠠ ᠨᠡᠮᠡᠭᠳᠡᠵᠦ᠂ ᠭᠦᠢᠴᠡᠳᠬᠡᠬᠦ ᠴᠠᠭ ᠨᠢ ᠣᠬᠤᠷ ᠵᠡᠷᠭᠡ ᠪᠠᠶᠢᠳᠠᠯ ᠳᠤ ᠬᠠᠨᠳᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠤᠨ ᠨᠥᠯᠥᠭᠡ ᠵᠡᠷᠭᠡ ᠣᠯᠠᠨ ᠳᠠᠪᠬᠤᠷ ᠬᠦᠴᠢᠷᠳᠡᠯ ᠢ ᠢᠯᠠᠨ ᠳᠠᠪᠠᠵᠤ᠂ ᠭᠦᠢᠴᠡᠳᠬᠡᠬᠦ ᠠᠵᠢᠯ ᠤᠨ ᠲᠣᠭᠲᠠᠴᠠ ᠶᠢ ᠰᠢᠨ᠎ᠡ ᠶᠢ ᠡᠭᠦᠳᠦᠨ ᠪᠦᠷᠢᠨᠰᠢᠭᠦᠯᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠨᠡᠶᠢᠲᠡ 8108 ᠬᠤᠪᠢ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 4115 ᠬᠤᠪᠢ ᠲᠦᠷᠦᠭᠦᠯᠡᠨ ᠭᠦᠢᠴᠡᠳᠬᠡᠵᠦ᠂ ᠡᠨᠡ ᠨᠢ ᠲᠤᠰ ᠲᠤᠰ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠪᠥᠬᠦ ᠲᠣᠭᠠᠨ ᠤ 88.3% ᠪᠠ 84.9% ᠶᠢ ᠡᠵᠡᠯᠡᠪᠡ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢ ᠭᠡᠰᠢᠭᠦᠨ ᠤ ᠰᠠᠨᠠᠯ ᠰᠠᠨᠠᠭᠤᠯᠭ᠎ᠠ ᠶᠢ ᠨᠡᠶᠢᠲᠡ 3700 ᠭᠠᠷᠤᠢ ᠵᠤᠷᠪᠤᠰ ᠬᠦᠯᠢᠶᠡᠨ ᠠᠪᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 1500 ᠭᠠᠷᠤᠢ ᠵᠦᠢᠯ ᠨᠡᠶᠢᠲᠡᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠬᠦᠴᠦᠲᠡᠶ ᠳᠥᠯᠭᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠷᠬᠡ ᠠᠰᠠᠭᠤᠳᠠᠯ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠠᠵᠢᠯ ᠢ ᠠᠬᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ᠪᠥᠬᠦ ᠵᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ ᠭᠡᠪᠡ᠃ ᠬᠤᠷᠠᠯ ᠠᠴᠠ ᠱᠠᠭᠠᠷᠳᠠᠭᠰᠠᠨ ᠨᠢ᠂ ᠨᠢᠭᠡᠨᠲᠡ ᠬᠦᠯᠢᠶᠡᠨ ᠠᠪᠤᠭᠰᠠᠨ ᠰᠠᠨᠠᠯ ᠰᠠᠨᠠᠭᠤᠯᠭ᠎ᠠ ᠶᠢ ᠦᠷᠭᠦᠯᠵᠢᠯᠡᠨ ᠦᠷ᠎ᠡ ᠪᠦᠲᠦᠮᠵᠢ ᠭᠠᠷᠲᠠᠯ᠎ᠠ ᠠᠳᠬᠤᠬᠤ ᠬᠡᠷᠡᠭᠲᠡᠢ ᠭᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠪᠣᠯᠬᠤ ᠭᠡᠵᠦ ᠪᠠᠶᠢᠨ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠠᠭᠤᠰᠤᠯᠴᠠᠭᠤᠯᠵᠤ᠂ ᠨᠡᠶᠢᠭᠡᠮ ᠵᠢᠷᠦᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠨᠢᠭᠡ ᠳᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠠᠨᠠᠯ ᠰᠠᠨᠠᠭᠤᠯᠭ᠎ᠠ ᠶᠢ ᠰᠣᠨᠣᠰᠬᠤ ᠪᠠ ᠴᠤᠭᠯᠠᠭᠤᠯᠬᠤ ᠬᠤᠯᠪᠤᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠤᠯᠴᠠᠨ ᠰᠤᠯᠠ ᠰᠣᠨᠣᠰᠬᠤ ᠳᠤ ᠣᠷᠤᠯᠴᠠᠬᠤ ᠳᠤ ᠪᠠᠨ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠬᠠᠯᠠᠮᠰᠢᠯ ᠤᠲᠠᠰᠤ ᠵᠢᠵᠢᠭᠦᠷᠯᠡᠬᠦ ᠤᠲᠠᠰᠤ᠂ ᠸᠢᠳᠢᠣ᠋ ᠪᠠᠷ ᠬᠤᠯᠪᠣᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢ ᠭᠡᠰᠢᠭᠦᠳ ᠲᠠᠢ ᠰᠠᠭᠠᠳ ᠦᠭᠡᠢ ᠰᠣᠯᠢᠯᠴᠠᠭ᠎ᠠ ᠬᠢᠬᠦ ᠬᠡᠷᠡᠭᠲᠡᠢ᠃ ᠬᠤᠶᠠᠷ ᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠪᠤᠳᠠᠯ ᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠵᠠᠷᠢᠮ ᠢ ᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠤᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠦᠲᠦᠯᠪᠦᠷᠢ ᠳᠤ ᠵᠠᠰᠠᠪᠤᠷᠢ ᠣᠷᠣᠭᠤᠯᠬᠤ ᠶᠠᠪᠤᠴᠠ ᠳᠤ ᠣᠷᠣᠭᠤᠯᠵᠤ᠂ ᠵᠠᠷᠢᠮ ᠢ ᠨᠢ ᠬᠤᠶᠢᠰᠢᠳᠠ ᠶᠢᠨ ᠬᠠᠮᠢᠶ᠎ᠠ ᠪᠦᠬᠦᠢ ᠠᠵᠢᠯ ᠪᠤᠶᠤ ᠲᠦᠷᠦ ᠶᠢᠨ ᠪᠤᠳᠤᠯᠭ᠎ᠠ ᠶᠢᠨ ᠨᠥᠭᠡᠴᠡ ᠳᠤ ᠣᠷᠤᠭᠤᠯᠤᠨ᠂ ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠪᠣᠳᠠᠲᠠᠶ ᠠᠷᠭ᠎ᠠ ᠮᠡᠷᠭᠡᠨ ᠠᠷᠭ᠎ᠠ ᠪᠣᠯᠭᠠᠨ ᠤᠯᠠᠷᠢᠭᠤᠯᠬᠤ ᠬᠡᠷᠡᠭᠲᠡᠶ᠃ ᠭᠤᠷᠪᠠ ᠳᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠢ ᠰᠣᠳᠤᠯᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠳᠤ ᠪᠠᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠲᠥᠯᠥᠭᠡᠯᠡᠭᠴᠢ ᠭᠡᠰᠢᠭᠦᠳ ᠢ ᠤᠷᠢᠨ ᠣᠷᠣᠯᠴᠠᠭᠤᠯᠵᠤ᠂ ᠭᠦᠢᠴᠡᠳᠬᠡᠬᠦ ᠠᠵᠢᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠬᠦ ᠴᠢᠨᠠᠷ ᠢᠶᠠᠷ ᠴᠢᠩᠭ᠎ᠠ᠂ ᠠᠩᠬᠠᠷᠬᠤ ᠬᠡᠮᠵᠢᠶ᠎ᠡ ᠪᠠᠷ ᠥᠨᠳᠥᠷ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠬᠦᠴᠦᠨ ᠢᠶᠠᠨ ᠲᠥᠪᠯᠡᠷᠡᠭᠦᠯᠦᠨ ᠰᠤᠳᠤᠯᠤᠨ ᠭᠦᠢᠴᠡᠳᠬᠡᠵᠦ᠂ ᠭᠤᠣᠯᠳᠠᠯᠭ᠎ᠠ ᠲᠠᠢ ᠪᠠᠷ ᠰᠢᠪᠲᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠬᠤᠯᠪᠣᠭᠳᠠᠭᠰᠠᠨ ᠣᠯᠠᠨᠲᠠ ᠳᠤᠷᠠᠳᠤᠭᠰᠠᠨ ᠴᠤ ᠭᠦᠢᠴᠡᠳᠬᠡᠬᠦ ᠳᠤ ᠪᠡᠷᠬᠡᠲᠡᠶ ᠲᠤᠪᠤᠶᠢᠮ᠎ᠠ ᠠᠰᠠᠭᠤᠳᠠᠯ ᠳᠤ ᠠᠵᠢᠯ ᠤᠨ ᠲᠤᠰᠬᠠᠢ ᠲᠦᠰᠦᠯ ᠲᠣᠭᠲᠠᠭᠠᠵᠤ ᠲᠥᠪᠯᠡᠷᠡᠭᠦᠯᠦᠨ ᠰᠢᠪᠲᠤᠯᠬᠤ ᠬᠡᠷᠡᠭᠲᠡᠶ᠃ ᠭᠦᠢᠴᠡᠳᠬᠡᠬᠦ ᠳᠤ ᠬᠦᠴᠢᠷᠲᠡᠢ᠂ ᠣᠷᠣᠨ ᠨᠤᠲᠤᠭ ᠲᠤ ᠬᠤᠯᠪᠤᠭᠳᠠᠭᠰᠠᠨ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢ ᠭᠡᠰᠢᠭᠦᠨ᠂ ᠣᠷᠣᠨ ᠨᠤᠲᠤᠭ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠳᠥᠷᠪᠡ ᠳᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠭᠦᠢᠴᠡᠳᠬᠡᠬᠦ ᠡᠬᠡ ᠲᠠᠩᠰᠠ ᠪᠠᠶᠢᠭᠤᠯᠤᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤ ᠨᠢ ᠭᠦᠢᠴᠡᠳᠬᠡᠵᠦ ᠳᠠᠭᠤᠰᠬᠠᠬᠤ ᠬᠡᠷᠡᠭᠲᠡᠶ᠃ ᠭᠦᠢᠴᠡᠳᠬᠡᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠭᠡᠰᠢᠭᠦᠳ ᠲᠤ ᠠᠵᠢᠯ ᠤᠨ ᠠᠬᠢᠴᠠ ᠶᠢ ᠲᠠᠨᠢᠯᠴᠠᠭᠤᠯᠵᠤ᠂ ᠴᠠᠭ ᠲᠤᠬᠠᠶ ᠳᠤ ᠨᠢ ᠬᠠᠷᠢᠭᠤ ᠲᠤᠰᠬᠠᠬᠤ ᠪᠠ ᠬᠠᠷᠢᠭᠤᠯᠲᠠ ᠶᠢᠨ ᠠᠭᠤᠯᠭ᠎ᠠ ᠶᠢ ᠲᠠᠶᠢᠯᠪᠤᠷᠢᠯᠠᠵᠤ ᠥᠭᠬᠦ ᠬᠡᠷᠡᠭᠲᠡᠶ᠃ ᠲᠠᠪᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠭᠦᠢᠴᠡᠳᠬᠡᠬᠦ ᠠᠵᠢᠯ ᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠭᠦᠢᠴᠡᠳᠬᠡᠬᠦ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号