ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/2/22
  2 ᠰᠠᠷ᠎ᠠ ᠶᠢᠨ 19 ᠤ ᠡᠳᠦᠷ ᠠᠴᠠ 2 ᠰᠠᠷ᠎ᠠ ᠶᠢᠨ 20 ᠤ ᠡᠳᠦᠷ ᠪᠣᠯᠲᠠᠯ᠎ᠠ᠂ ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠭᠧ ᠯᠠᠨ ᠵᠡᠷᠭᠡ ᠬᠥᠮᠦᠰ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠪᠠ᠂ ᠬᠤᠲᠠ ᠶᠢᠨ ᠠᠷᠠᠳ  ᠤᠨ ᠵᠠᠰᠠᠭ ᠤᠨ ᠣᠷᠳᠣᠨ ᠤ ᠳᠡᠳ᠋ ᠬᠤᠲᠡ ᠶᠢᠨ ᠳᠠᠷᠤᠭ᠎ᠠ ᠼᠤᠤ ᠷᠦᠢ ᠹᠠᠩ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠶᠠᠨ ᠢᠦ᠋ᠶ ᠶᠢᠩ ᠪᠠᠷ᠎ᠠ ᠪᠣᠯᠵᠣ ᠪᠠᠶᠢᠴᠠᠭᠠᠪᠠ᠃    ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠲᠠ  ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠵᠠᠯᠭᠠᠭ᠎ᠠ ᠪᠠᠷ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ  ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ  ᠤᠨ ᠡᠭᠦᠳᠡᠨ ᠡᠮᠨᠡᠯᠭᠡ ᠶᠢᠨ ᠡᠪᠡᠳᠴᠢᠨ ᠦᠵᠡᠭᠦᠯᠬᠦ ᠣᠷᠣᠨ ᠪᠦᠰᠡ ᠵᠢᠴᠢ ᠰᠥᠭᠡᠷᠭᠦ ᠳᠠᠷᠤᠯᠲᠠᠲᠤ ᠦᠯᠡᠳᠡᠭᠡᠨ ᠠᠵᠢᠭᠯᠠᠬᠤ ᠡᠪᠡᠳᠴᠢᠲᠡᠨ ᠤ ᠥᠷᠥᠭᠡ ᠵᠡᠷᠭᠡ ᠣᠷᠣᠨ ᠪᠦᠰᠡ ᠶᠢᠨ ᠶᠡᠷᠦᠩᠬᠡᠶ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ  ᠶᠢᠨ ᠠᠬᠢᠴᠠ᠂ ᠰᠢᠯᠭᠠᠨ ᠪᠠᠶᠢᠴᠠᠭᠠᠬᠤ ᠶᠠᠪᠤᠴᠠ᠂ ᠰᠢᠯᠭᠠᠨ ᠪᠠᠶᠢᠴᠠᠭᠠᠬᠤ ᠴᠢᠳᠠᠪᠤᠷᠢ ᠵᠡᠷᠭᠡ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠤ᠂ ᠬᠠᠮᠢᠶ᠎ᠠ ᠪᠥᠬᠦᠶ ᠡᠮᠴᠢᠯᠡᠭᠡᠨ ᠤ ᠲᠥᠬᠦᠭᠡᠷᠦᠮᠵᠢ ᠵᠢᠴᠢ ᠲᠤᠰᠬᠠᠶ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠶᠢᠨ ᠪᠠᠶᠢᠳᠠᠯ ᠢ ᠯᠠᠪᠯᠠᠨ ᠠᠰᠠᠭᠤᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠤᠨ ᠶᠠᠪᠤᠴᠠ ᠶᠢᠨ ᠵᠦᠶ ᠵᠣᠬᠢᠰᠲᠠᠶ ᠡᠰᠡᠬᠦ ᠶᠢ ᠪᠠᠶᠢᠴᠠᠭᠠᠨ ᠰᠢᠯᠭᠠᠵᠤ᠂ ᠲᠥᠪ ᠤᠨ ᠡᠷᠡᠭᠦᠯ ᠬᠠᠮᠠᠭᠠᠯᠠᠯ ᠤᠨ ᠬᠤᠷᠢᠶᠠᠨ  ᠤ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠬᠢᠪᠠ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ  ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ᠂ ᠰᠥᠭᠡᠷᠭᠦ ᠳᠠᠷᠤᠯᠲᠠᠲᠤ ᠦᠯᠡᠳᠡᠭᠡᠨ ᠠᠵᠢᠭᠯᠠᠬᠤ ᠡᠪᠡᠳᠴᠢᠲᠡᠨ ᠤ ᠥᠷᠥᠭᠡ ᠶᠢᠨ ᠣᠷᠣ ᠶᠢᠨ ᠪᠠᠶᠢᠷᠢᠯᠠᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠲᠠᠯ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠡᠮᠴᠢᠯᠡᠭᠡᠨ ᠤ ᠲᠥᠬᠦᠭᠡᠷᠦᠮᠵᠢ ᠵᠢᠴᠢ ᠲᠤᠰᠬᠠᠢ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠶᠢᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠣᠷᠣᠰᠢᠵᠤ ᠪᠠᠶᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃   ᠼᠤᠤ ᠷᠦᠢ ᠹᠠᠩ ᠵᠢᠭᠠᠵᠤ ᠭᠠᠷᠭᠠᠭᠰᠠᠨ ᠨᠢ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠠᠵᠢᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠪᠠ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠪᠡᠳᠴᠢᠨ ᠤ ᠵᠢᠱᠢᠶ᠎ᠡ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠠᠩᠬᠠᠨ ᠤ ᠡᠮᠴᠢᠯᠡᠭᠡᠨ ᠤ ᠬᠠᠷᠢᠭᠤᠴᠠᠯᠭ᠎ᠠ ᠶᠢᠨ ᠲᠦᠷᠢᠮ᠂ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠶᠢ ᠳᠠᠩᠰᠠᠯᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠳᠤᠯᠠᠭᠠᠨ ᠤ ᠬᠡᠮᠵᠢᠶ᠎ᠡ ᠶᠢ ᠬᠡᠮᠵᠢᠬᠦ ᠳᠤ ᠠᠮᠠᠪᠴᠢ ᠵᠡᠭᠦᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠳᠡᠨ ᠡᠮᠨᠡᠯᠭᠡ ᠶᠢᠨ ᠲᠦᠷᠭᠡᠨ ᠡᠮᠴᠢᠯᠡᠭᠡᠨ ᠤ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠶᠢᠨ ᠴᠠᠭ ᠲᠤᠬᠠᠢᠢᠴᠢ ᠴᠢᠨᠠᠷ ᠪᠠ ᠰᠡᠷᠭᠡᠭ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠲᠡᠷᠡ ᠴᠢᠬᠤᠯᠠᠴᠢᠯᠠᠭᠰᠠᠨ ᠨᠢ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠡᠷᠭᠦᠭᠡᠬᠦ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠴᠢᠬᠤᠯᠠ ᠨᠥᠬᠦᠴᠡᠯ ᠮᠥᠨ᠃ ᠲᠠᠰ ᠳᠠᠷᠠᠭᠠᠯᠠᠯ ᠢ ᠴᠢᠩᠳᠠᠯᠠᠵᠤ᠂ ᠪᠠᠷᠢᠯᠭ᠎ᠠ ᠶᠢᠨ ᠠᠵᠢᠯ ᠢ ᠵᠢᠷᠤᠮᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠨ᠂ ᠲᠡᠳᠡᠨ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠭᠦᠯᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠲᠦᠷᠭᠡᠬᠡᠨ ᠪᠦᠷᠢᠯᠳᠦᠭᠦᠯᠬᠦ ᠬᠡᠷᠡᠭᠲᠡᠶ ᠭᠡᠵᠡᠢ᠃ ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠵᠢᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号