ᠠᠯᠦ᠋ᠩᠱᠠᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠦᠴᠢᠷᠳᠡᠯᠲᠡᠶ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/2/23
 ᠴᠠᠭᠠᠨ ᠰᠠᠷ᠎ᠠ ᠶᠢᠨ ᠪᠠᠶᠠᠷ ᠤᠨ ᠲᠠᠰᠢᠷᠠᠮ ᠢᠶᠠᠷ᠂ ᠠᠯᠦ᠋ᠩᠱᠠᠨ ᠪᠠᠯᠭᠠᠰᠤᠨ ᠤ ᠨᠠᠮ ᠤᠨ ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠂ ᠠᠬᠠᠮᠠᠳ ᠺᠠᠳ᠋ᠷ ᠢ ᠲᠤᠰ ᠲᠤᠰ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠯᠠᠮᠵᠢᠯᠠᠯ ᠪᠠ ᠮᠡᠨᠳᠦᠴᠢᠯᠡᠯ ᠢ ᠬᠦᠷᠭᠡᠪᠡ᠃    ᠡᠷᠭᠢᠨ ᠦᠵᠡᠵᠦ ᠲᠣᠬᠤᠨᠢᠭᠤᠯᠬᠤ ᠳᠤᠮᠳᠠ᠂ ᠠᠯᠦ᠋ᠩᠱᠠᠨ ᠪᠠᠯᠭᠠᠰᠤᠨ ᠤ ᠨᠠᠮ ᠤᠨ ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠪᠣᠯᠤᠨ ᠠᠬᠠᠮᠠᠳ ᠺᠠᠳ᠋ᠷᠴᠤᠳ ᠲᠤ ᠳᠣᠲᠣᠨᠣ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠭᠰᠡᠨ ᠪᠥᠭᠡᠳ ᠲᠡᠲᠡᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠲᠡᠲᠡᠡ ᠤ ᠣᠳᠣᠬᠠᠨ ᠤ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠭᠰᠠᠨ ᠪᠥᠭᠡᠳ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠢ ᠮᠠᠰᠢ ᠴᠢᠬᠤᠯᠠᠴᠢᠯᠠᠨ ᠬᠠᠯᠠᠮᠵᠢᠯᠠᠵᠤ᠂ ᠲᠡᠲᠡᠡ ᠢ ᠪᠡᠶ᠎ᠡ ᠪᠠᠨ ᠬᠢᠴᠢᠶᠡᠵᠦ᠂ ᠬᠦᠢᠳᠡᠨ ᠢ ᠰᠡᠷᠭᠡᠶᠢᠯᠡᠵᠦ ᠳᠤᠯᠠᠭᠠᠯᠠᠬᠤ ᠶᠢ ᠠᠩᠬᠠᠷᠬᠤ ᠶᠢ ᠵᠠᠬᠢᠵᠤ᠂ ᠲᠡᠲᠡᠡ ᠤ ᠬᠦᠰᠡᠯ ᠱᠠᠭᠠᠷᠳᠠᠯᠭ᠎ᠠ ᠶᠢ ᠪᠦᠬᠦ ᠬᠦᠴᠦᠨ ᠢᠶᠠᠷ  ᠢᠶᠠᠨ ᠬᠠᠪᠰᠤᠷᠤᠨ ᠰᠢᠢᠳᠪᠦᠷᠢᠯᠡᠵᠦ ᠥᠭᠬᠦ ᠶᠤᠮ ᠭᠡᠪᠡ᠂ ᠠᠬᠠᠮᠠᠳ ᠺᠠᠳ᠋ᠷ ᠪᠣᠯᠤᠨ ᠠᠬᠠᠮᠠᠳ ᠨᠠᠮ ᠤᠨ ᠭᠡᠰᠢᠭᠦᠨ ᠵᠢᠴᠢ ᠨᠡᠶᠢᠭᠡᠮᠴᠢᠯᠡᠭᠰᠡᠨ ᠬᠠᠮᠢᠶᠠᠷᠤᠯᠲᠠ ᠠᠴᠠ ᠰᠢᠯᠵᠢᠭᠦᠯᠦᠨ ᠲᠤᠰᠢᠶᠠᠭᠰᠠᠨ ᠣᠶ ᠰᠢᠭᠤᠶ ᠶᠢᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠳᠤ᠂ ᠲᠡᠳᠡᠨ ᠢ ᠪᠡᠶ᠎ᠡ ᠪᠠᠨ ᠬᠢᠴᠢᠶᠡᠬᠦ ᠶᠢᠨ ᠬᠠᠮᠲᠤ ᠲᠣᠰ ᠪᠡᠶ᠎ᠡ ᠶᠢᠨ ᠳᠠᠪᠠᠭᠤᠯᠢᠭ  ᠢᠶᠠᠨ ᠦᠷᠭᠦᠯᠵᠢᠯᠡᠨ ᠭᠦᠶᠴᠡᠳ ᠪᠠᠳᠠᠷᠠᠭᠤᠯᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠴᠤ᠂ ᠠᠯᠦ᠋ᠩᠱᠠᠨ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ  ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃    ᠠᠯᠦ᠋ᠩᠱᠠᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠷᠬᠢᠨ ᠦᠵᠡᠵᠦ ᠲᠣᠬᠤᠨᠢᠭᠤᠯᠬᠤ ᠪᠠᠷ ᠲᠠᠮᠵᠢᠨ᠂ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ《 ᠰᠡᠳᠬᠢᠯ ᠤᠨ ᠬᠥᠭᠦᠷᠭᠡ 》ᠪᠣᠯᠭᠠᠨ ᠴᠣᠭᠴᠠᠯᠠᠪᠠ᠃ᠵᠤᠬᠢᠶᠠᠭᠴᠢ᠄ ᠸᠠᠩ ᠰᠢᠤᠸᠠᠢ ᠵᠢᠶᠧ   ᠸᠠᠩ ᠰᠢ ᠶᠦᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号