ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠶ ᠮᠡᠷᠭᠡᠵᠢᠯ  ᠤᠨ ᠠᠵᠢᠯᠲᠠᠨ ᠠᠯᠦ᠋ᠩᠱᠠᠨ ᠪᠠᠯᠭᠠᠰᠤᠨ ᠳᠤ ᠬᠦᠷᠴᠦ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠪᠠᠶᠢᠭᠤᠯᠬᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ
ᠨᠡᠶᠢᠲᠡᠯᠡᠭᠰᠡᠨ ᠴᠠᠭ᠄
2021/2/24
 2 ᠰᠠᠷ᠎ᠠ ᠶᠢᠨ 19 ᠤ ᠡᠳᠦᠷ᠂ ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠤᠨ ᠲᠤᠰᠬᠠᠶ ᠮᠡᠷᠭᠡᠵᠢᠯ ᠤᠨ ᠠᠵᠢᠯᠲᠠᠨ ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠦᠷᠢᠶᠡᠯᠡᠩ ᠤᠨ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠥᠭᠡᠷᠡᠴᠢᠯᠡᠨ ᠰᠠᠶᠢᠵᠢᠷᠠᠭᠤᠯᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ᠃ ᠭᠡᠭᠡᠨ ᠭᠤᠤᠯ ᠬᠤᠲᠡ ᠶᠢᠨ ᠳᠡᠳ᠋ ᠬᠤᠲᠠ ᠶᠢᠨ ᠳᠠᠷᠤᠭ᠎ᠠ ᠼᠤᠤ ᠷᠦᠢ ᠹᠠᠩ ᠪᠠᠷ᠎ᠠ ᠪᠣᠯᠪᠠ᠃    ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠥᠭᠡᠷᠡᠴᠢᠯᠡᠨ ᠪᠠᠶᠢᠭᠤᠯᠤᠨ ᠪᠥᠲᠥᠭᠡᠨ ᠪᠠᠶᠢᠭᠤᠯᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ᠂ ᠼᠤᠤ ᠷᠦᠢ ᠹᠠᠩ ᠪᠣᠯᠤᠨ ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠶ ᠮᠡᠷᠭᠡᠵᠢᠯ ᠤᠨ ᠠᠵᠢᠯᠲᠠᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠤᠨ ᠡᠯ᠎ᠡ ᠴᠢᠳᠠᠮᠵᠢᠲᠤ ᠣᠷᠣᠨ ᠢ ᠥᠭᠡᠷᠡᠴᠢᠯᠡᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠥᠬᠦᠭᠡᠷᠦᠮᠵᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ  ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠵᠢᠷᠤᠵᠤ ᠲᠥᠯᠥᠪᠯᠡᠬᠦ᠂ ᠰᠢᠯᠭᠠᠨ ᠪᠠᠶᠢᠴᠠᠭᠠᠬᠤ ᠠᠵᠢᠯᠲᠠᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ᠂ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠵᠡᠷᠭᠡ ᠠᠵᠢᠯ ᠤᠨ ᠲᠤᠬᠠᠶ ᠵᠢᠯᠣᠭᠤᠳᠬᠤ ᠰᠠᠨᠠᠯ ᠳᠤᠷᠠᠳᠪᠠ᠃    ᠼᠤᠤ ᠷᠦᠢ ᠹᠠᠩ ᠱᠠᠭᠠᠷᠳᠠᠭᠰᠠᠨ ᠨᠢ᠂ ᠠᠯᠦ᠋ᠩᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠵᠠᠪᠠᠯ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠳᠤ ᠬᠠᠷᠢᠭᠤᠴᠠᠬᠤ ᠦᠨᠳᠦᠷᠴᠡ ᠠᠴᠠ᠂ ᠢᠨᠵᠧᠨᠧᠷᠢᠩ ᠤᠨ ᠵᠢᠷᠤᠭ ᠲᠥᠯᠥᠪᠯᠡᠭᠡ ᠪᠠ ᠬᠥᠯᠥᠨ ᠪᠣᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠵᠢᠯᠣᠭᠤᠳᠣᠯᠭ᠎ᠠ ᠶᠣᠰᠣᠭᠠᠷ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠥᠭᠡᠷᠡᠴᠢᠯᠡᠨ ᠪᠠᠶᠢᠭᠤᠯᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠲᠥᠭᠡᠨ ᠪᠠᠶᠢᠭᠤᠯᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠪᠠᠷᠢᠯᠭ᠎ᠠ ᠪᠠᠷᠢᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯᠲᠠᠨ ᠤ ᠪᠠᠶᠢᠴᠠᠭᠠᠨ ᠰᠢᠯᠭᠠᠬᠤ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠭᠰᠠᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠡᠷᠲᠡᠬᠡᠨ ᠠᠰᠢᠭᠯᠠᠯᠲᠠ ᠳᠤ ᠣᠷᠣᠭᠤᠯᠬᠤ  ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠢ᠃    ᠠᠯᠦ᠋ᠩᠱᠠᠨ ᠪᠠᠯᠭᠠᠰᠤᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠣᠯ ᠬᠡᠭᠡᠨ ᠭᠤᠤᠯ ᠬᠤᠲᠠ ᠶᠢᠨ ᠴᠣᠷ ᠤᠨ ᠭᠠᠭᠴᠠ ᠰᠢᠶᠠᠩ ᠪᠠᠯᠭᠠᠰᠤᠨ ᠳᠤ ᠪᠠᠶᠢᠭᠤᠯᠤᠭᠰᠠᠨ ᠰᠢᠯᠭᠠᠨ ᠪᠠᠶᠢᠴᠠᠭᠠᠬᠤ ᠥᠷᠲᠡᠭᠡ ᠪᠣᠯᠤᠨ᠎ᠠ᠂ ᠬᠡᠭᠡᠨ ᠭᠤᠤᠯ ᠬᠤᠲᠠ ᠠᠯᠤᠰ ᠬᠡᠲᠦ ᠳᠤ ᠰᠠᠭᠤᠷᠢᠯᠠᠵᠤ᠂ ᠠᠷᠠᠳ ᠲᠦᠮᠡᠨ ᠢᠶᠠᠷ ᠭᠤᠤᠯ ᠪᠣᠯᠭᠠᠵᠤ᠂ ᠪᠣᠶᠢᠳᠠ ᠪᠥᠭᠯᠡᠭᠦᠦ ᠰᠢᠶᠠᠩ ᠪᠠᠯᠭᠠᠰᠤᠨ ᠤ ᠠᠷᠠᠳ ᠣᠯᠠᠨ ᠤ ᠬᠤᠲᠠ ᠳᠤ ᠬᠦᠷᠴᠦ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠠᠮ ᠬᠤᠯᠠ ᠪᠥᠭᠡᠳ ᠵᠠᠮ ᠬᠠᠷᠢᠯᠴᠠᠭ᠎ᠠ ᠳᠥᠭᠦᠮ ᠦᠭᠡᠢ ᠪᠠᠶᠢᠬᠤ ᠪᠣᠳᠠᠲᠠᠶ ᠬᠦᠴᠢᠷᠳᠡᠯ ᠢ ᠬᠦᠴᠦᠯᠡᠨ ᠰᠢᠶᠳᠪᠦᠷᠢᠯᠡᠬᠦ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠤᠭᠳᠠᠭᠰᠠᠨ ᠤ ᠳᠠᠷᠠᠭ᠎ᠠ᠂ ᠮᠠᠨᠬᠦ᠋ᠢ᠂ ᠠᠯᠦ᠋ᠩᠱᠠᠨ᠂ ᠶᠢᠨ ᠾᠧ ᠭᠤᠷᠪᠠᠨ ᠪᠠᠯᠭᠠᠰᠤᠨ ᠤ ᠰᠠᠭᠤᠭᠠᠯᠢ ᠠᠷᠠᠳ  ᠤᠳ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠵᠠᠮ ᠪᠠ ᠴᠠᠭ ᠢ ᠪᠣᠭᠤᠨᠢᠰᠬᠠᠵᠤ᠂ ᠬᠤᠲᠠ ᠶᠢᠨ ᠠᠷᠠᠳ  ᠤᠨ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠭᠡᠭᠡᠨ ᠭᠤᠤᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠥᠷᠨᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠪᠠ᠃ᠡᠬᠡ ᠪᠢᠴᠢᠭ ᠤᠨ ᠢᠷᠡᠯᠲᠡ᠄ ᠭᠡᠭᠡᠡ ᠭᠤᠣᠯ ᠬᠤᠳᠡ ᠶᠢᠨ ᠬᠠᠮ ᠵᠠᠭᠤᠴᠢᠯᠠᠭᠤᠷ ᠤᠨ ᠲᠥᠪᠵᠤᠬᠢᠶᠠᠭᠴᠢ᠄ ᠳ᠋ᠢᠩ ᠼᠠᠢ ᠬᠦᠢ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号