ᠭᠡᠭᠡᠨ ᠭᠤᠤᠯ ᠬᠤᠲᠡ ᠶᠢᠨ ᠳᠡᠳ᠋ ᠬᠤᠲᠠ ᠶᠢᠨ ᠳᠠᠷᠤᠭ᠎ᠠ ᠼᠤᠤ ᠷᠦᠢ ᠹᠠᠩ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/2/26
   2 ᠰᠠᠷ᠎ᠠ ᠶᠢᠨ 22 ᠤᠨ ᠡᠳᠦᠷ᠂ ᠭᠡᠭᠡᠨ ᠭᠤᠤᠯ ᠬᠤᠲᠠ ᠶᠢᠨ ᠳᠡᠳ᠋ ᠬᠤᠲᠡ ᠶᠢᠨ ᠳᠠᠷᠤᠭ᠎ᠠ ᠼᠤᠤ ᠷᠦᠢ ᠹᠠᠩ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ ᠃ ᠼᠤᠤ ᠬᠤᠲᠠ ᠶᠢᠨ ᠳᠠᠷᠤᠭ᠎ᠠ ᠡᠩ ᠲᠡᠷᠢᠭᠦᠨ ᠳᠤ ᠦᠶᠯᠡᠴᠢᠯᠡᠭᠡᠨ ᠤ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠲᠠᠯᠠᠪᠠᠶ ᠳᠤ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠦᠶᠯᠡᠴᠢᠯᠡᠭᠡᠨ ᠤ ᠲᠢᠩᠬᠢᠮ ᠤᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠲᠠᠯᠠᠪᠤᠷ ᠭᠠᠵᠠᠷ ᠤᠨ ᠲᠠᠯᠠᠪᠠᠶ᠂ ᠦᠶᠯᠡᠴᠢᠯᠡᠭᠡᠨ ᠤ ᠴᠢᠳᠠᠮᠵᠢ᠂ ᠦᠶᠯᠡᠴᠢᠯᠡᠬᠦ ᠡᠲᠡᠭᠡᠳ ᠵᠢᠴᠢ ᠴᠤᠩᠬᠤᠪᠴᠢ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠡᠳᠦᠷ ᠪᠦᠷᠢ ᠶᠢᠨ ᠦᠶᠯᠡᠴᠢᠯᠡᠬᠦ ᠬᠡᠮᠵᠢᠶ᠎ᠡ ᠵᠢᠴᠢ ᠦᠶᠯᠡᠴᠢᠯᠡᠬᠦ ᠬᠥᠮᠦᠰ  ᠢ ᠭᠤᠤᠯᠳᠠᠯᠭ᠎ᠠ ᠲᠠᠢ ᠣᠶᠢᠯᠠᠭᠠᠭᠰᠠᠨ ᠪᠥᠭᠡᠳ ᠬᠤᠶᠢᠰᠢᠳᠠ ᠦᠶᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠪᠠᠳᠠᠷᠠᠭᠤᠯᠬᠤ ᠲᠤᠬᠠᠶ ᠪᠣᠳᠠᠲᠠᠶ ᠵᠢᠯᠣᠭᠤᠳᠬᠤ ᠰᠠᠨᠠᠯ ᠳᠤᠷᠠᠳᠴᠠᠶ᠃ ᠭᠡᠭᠡᠨ ᠭᠤᠤᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠭᠰᠠᠨ᠂ ᠬᠠᠷᠠᠭᠠᠯᠵᠠᠯ ᠢ ᠨᠠᠶᠢᠳᠠᠪᠤᠷᠢᠵᠢᠭᠤᠯᠤᠭᠰᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠰᠡᠨ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠠᠨ ᠬᠠᠷᠢᠭᠤ ᠮᠡᠳᠡᠭᠦᠯᠪᠡ᠃    ᠼᠤᠤ ᠷᠦᠢ ᠹᠠᠩ ᠠᠴᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠢ ᠭᠦᠶᠴᠡᠳ ᠨᠤᠲᠠᠯᠠᠬᠤ ᠶᠢᠨ ᠬᠠᠮᠲᠤ᠂ 2021 ᠣᠨ ᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ  ᠳᠤ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠠᠵᠢᠯᠲᠠᠳ ᠲᠥᠷᠥ ᠶᠢᠨ ᠪᠣᠳᠣᠯᠭ᠎ᠠ ᠰᠤᠷᠤᠯᠴᠠᠨ ᠲᠤᠬᠠᠶᠢᠯᠠᠭᠰᠠᠨ ᠠᠵᠢᠯ ᠤᠨ ᠮᠡᠷᠭᠡᠵᠢᠯ ᠢ ᠰᠤᠷᠴᠤ᠂ ᠲᠦᠷᠢᠮ ᠪᠠᠶᠢᠭᠤᠯᠤᠨ ᠰᠠᠶᠢᠨ ᠳᠠᠳᠬᠠᠯ ᠢ ᠪᠤᠢ ᠪᠤᠯᠭᠠᠨ᠂ ᠣᠯᠠᠨ ᠢᠶᠠᠷ ᠢᠶᠠᠨ  ᠰᠤᠷᠤᠯᠴᠠᠬᠤ ᠳᠤᠮᠳᠠ ᠠᠵᠢᠯ ᠢᠶᠠᠨ ᠬᠢᠵᠦ᠂ ᠠᠵᠢᠯ ᠬᠢᠬᠦ ᠶᠢᠨ ᠳᠤᠮᠳᠠ ᠰᠤᠷᠤᠯᠴᠠᠨ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠨᠢᠭᠡ ᠵᠦᠶᠯ ᠳᠤ ᠮᠡᠷᠭᠡᠰᠢᠵᠦ ᠣᠯᠠᠨ ᠵᠦᠶᠯ ᠳᠤ ᠴᠠᠭᠠᠷᠠᠭᠰᠠᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠶᠠᠷ ᠲᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠮᠴᠢᠯᠡᠭᠡᠨ  ᠤ ᠪᠠᠲᠤᠯᠠᠭ᠎ᠠ ᠨᠢ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠲᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠳᠤ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃《 ᠣᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠣᠯᠠᠨ ᠲᠦᠮᠡᠨ ᠤᠴᠢᠷ ᠰᠢᠢᠳᠪᠤᠷᠢᠯᠡᠬᠦ ᠳᠤ ᠠᠮᠠᠷ ᠪᠤᠯᠬᠤ 》ᠦᠶᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠲᠦᠮᠡᠨ ᠳᠤ ᠬᠠᠮᠤᠭ ᠤᠨ ᠲᠦᠷᠭᠡᠨ᠂ ᠬᠠᠮᠤᠭ ᠤᠨ ᠰᠠᠶᠢᠨ᠂ ᠬᠠᠮᠤᠭ ᠤᠨ ᠰᠢᠭᠤᠳ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠭᠡᠬᠦ ᠬᠡᠷᠡᠭᠲᠡᠶ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮ ᠡᠮᠨᠡᠯᠭᠡ ᠶᠢᠨ ᠳᠠᠭᠠᠳᠬᠠᠯ ᠤᠨ ᠴᠢᠨᠠᠷ ᠰᠠᠶᠢᠲᠠᠶ ᠦᠶᠯᠡᠴᠢᠯᠡᠭᠡᠨ ᠤ ᠴᠤᠩᠬᠤᠪᠴᠢ ᠶᠢᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠣᠯᠠᠨ ᠲᠦᠮᠡᠨ ᠳᠤ ᠥᠨᠳᠥᠷ ᠪᠦᠲᠦᠮᠵᠢᠲᠡᠶ ᠬᠠᠨᠤᠮᠵᠢᠲᠠᠶ ᠡᠮ ᠡᠮᠨᠡᠯᠭᠡ ᠶᠢᠨ ᠪᠠᠲᠤᠯᠠᠭ᠎ᠠ ᠶᠢᠨ ᠦᠶᠯᠡᠴᠢᠯᠡᠭᠡ ᠬᠠᠩᠭᠠᠬᠤ ᠬᠡᠷᠡᠭᠲᠡᠶ ᠭᠡᠵᠡᠢ᠃ᠡᠬᠡ ᠪᠢᠴᠢᠭ ᠤᠨ ᠢᠷᠡᠯᠲᠡ᠄ ᠭᠡᠭᠡᠡ ᠭᠤᠣᠯ ᠬᠤᠳᠡ‌‍ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号