ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠡᠭᠡᠨ ᠭᠤᠤᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠲᠤᠬᠠᠶ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/2/8
ᠭᠡᠭᠡᠨ ᠭᠤᠤᠯ ᠬᠤᠲᠠ ᠶᠢᠨ ᠥᠷᠭᠡᠨ ᠣᠯᠠᠨ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ᠄    ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠣᠷᠴᠢᠨ ᠠᠬᠤᠶ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠡᠪᠡᠷ ᠲᠣᠬᠢᠯᠢᠭ᠂ ᠡᠶ᠎ᠡ ᠵᠣᠬᠢᠴᠠᠯ  ᠲᠠᠢ᠂ ᠠᠮᠤᠷ ᠠᠮᠤᠭᠤᠯᠠᠩ ᠥᠯᠵᠡᠶ ᠪᠡᠯᠭᠡ ᠲᠠᠢ ᠴᠠᠭᠠᠨ ᠰᠠᠷ᠎ᠠ ᠶᠢ ᠬᠠᠮᠲᠤ ᠪᠠᠷ ᠥᠩᠭᠡᠷᠡᠭᠦᠯᠬᠦ ᠶᠢᠨ ᠲᠥᠯᠥᠭᠡ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄    ᠨᠢᠭᠡ᠂ ᠬᠤᠲᠠ ᠶᠢᠨ ᠲᠣᠭᠤᠷᠢᠭ ᠤᠨ ᠬᠤᠳᠠᠯᠳᠤᠭᠠᠨ ᠤ ᠡᠷᠦᠬᠡ ᠨᠦᠭᠦᠳ《 ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ 》 ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ  ᠪᠠᠨ ᠴᠡᠪᠡᠷ ᠲᠡᠭᠰᠢ᠂ ᠰᠠᠭᠠᠳ ᠦᠭᠡᠶ ᠪᠠᠶᠢᠯᠭᠠᠬᠤ ᠶᠢ ᠪᠠᠲᠤᠯᠠᠨ᠂ ᠡᠭᠦᠳᠡᠨ ᠡᠮᠦᠨᠡᠬᠢ ᠪᠠᠨ ᠳᠤᠷ᠎ᠠ ᠪᠠᠷ ᠢᠶᠠᠨ ᠶᠠᠭᠤᠮ᠎ᠠ ᠣᠪᠣᠭᠠᠯᠠᠵᠤ ᠲᠠᠯᠪᠢᠭᠰᠠᠨ ᠢ ᠴᠠᠭ ᠲᠤᠬᠠᠶ ᠳᠤᠨᠢ ᠴᠡᠪᠡᠷᠯᠡᠵᠦ᠂ ᠡᠮᠬᠢ ᠵᠢᠷᠤᠮ ᠲᠠᠢ ᠪᠠᠷ ᠡᠵᠡᠩᠨᠡᠵᠦ᠂ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ ᠶᠢ ᠴᠠᠭᠠᠵᠠᠯᠠᠨ᠂ ᠬᠤᠳᠠᠯᠳᠤᠭᠠᠨ  ᠤ ᠡᠷᠦᠬᠡ ᠨᠦᠭᠦᠳ ᠡᠵᠡᠩᠨᠡᠯᠲᠡ ᠶᠢᠨ ᠣᠷᠣᠨ ᠤ ᠪᠠᠨ ᠳᠣᠲᠣᠷᠠᠬᠢ ᠡᠷᠡᠭᠦᠯ ᠬᠠᠮᠠᠭᠠᠯᠠᠯ ᠤᠨ ᠪᠠᠶᠢᠳᠠᠯ ᠨᠢ ᠰᠠᠶᠢᠨ ᠪᠠᠶᠢᠬᠤ᠂ ᠠᠮᠢᠳᠤᠷᠠᠯ ᠤᠨ ᠬᠤᠭ ᠨᠣᠪᠰᠢ ᠪᠠᠨ ᠵᠢᠭᠠᠨ ᠲᠣᠭᠲᠠᠭᠠᠭᠰᠠᠨ ᠭᠠᠵᠠᠷ ᠲᠤ ᠴᠢᠳᠬᠤᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠬᠤᠸᠠᠷ ᠫᠤᠤᠵᠢᠩ ᠲᠠᠯᠪᠢᠬᠤ ᠳᠤ ᠬᠥᠮᠦᠨ ᠤ ᠪᠡᠶ᠎ᠡ ᠶᠢᠨ ᠠᠮᠤᠷ ᠲᠦᠪᠰᠢᠨ ᠢ ᠠᠩᠬᠠᠷᠴᠤ᠂ ᠫᠤᠤᠵᠢᠩ ᠲᠠᠯᠪᠢᠭᠰᠠᠨ ᠤ ᠳᠠᠷᠠᠭ᠎ᠠ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠂ ᠬᠤᠸᠠᠷ ᠫᠤᠤᠵᠢᠩ ᠲᠠᠯᠪᠢᠭᠰᠠᠨ ᠠᠴᠠ ᠪᠤᠶ ᠪᠣᠯᠤᠭᠰᠠᠨ ᠬᠤᠭ ᠨᠣᠪᠰᠢ ᠶᠢ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠱᠦᠭᠦᠷᠳᠡᠨ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠥᠳᠡᠯᠮᠦᠷᠢ ᠶᠢᠨ ᠳᠠᠷᠤᠯᠲᠠ ᠶᠢ ᠦᠨᠡᠨᠬᠦ ᠬᠥᠩᠭᠡᠷᠡᠭᠦᠯᠦᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠥᠳᠡᠯᠮᠦᠷᠢ  ᠶᠢᠨ ᠦᠷ᠎ᠡ ᠪᠦᠲᠦᠭᠡᠯ ᠢ ᠬᠠᠮᠲᠤᠪᠠᠷ ᠬᠠᠮᠠᠭᠠᠯᠠᠬᠤ ᠬᠡᠷᠡᠭᠲᠡᠶ᠃    ᠭᠤᠷᠪᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠨ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠶ᠂ ᠪᠣᠬᠢᠷ ᠤᠰᠤ ᠶᠢ ᠳᠤᠷ᠎ᠠ ᠪᠠᠷ ᠢᠶᠠᠨ ᠴᠢᠳᠬᠤᠬᠤ ᠦᠭᠡᠶ᠂ ᠲᠤᠷ᠎ᠠ ᠪᠠᠷ ᠨᠤᠯᠮᠤᠬᠤ ᠦᠭᠡᠶ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢ ᠡᠪᠳᠡᠬᠦ ᠦᠭᠡᠶ ᠪᠠᠶᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃    ᠪᠢᠳᠡ ᠥᠷᠭᠡᠨ ᠤᠯᠠᠨ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠪᠠᠨ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠪᠣᠯᠪᠠᠰᠤᠨ ᠢᠶᠠᠷ ᠪᠠᠶᠠᠷ ᠤᠨ ᠡᠳᠦᠷ  ᠢᠶᠠᠨ ᠥᠩᠭᠡᠷᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠣᠯᠠᠨ ᠢᠶᠠᠷ ᠢᠶᠠᠨ ᠢᠳᠡᠪᠬᠢᠲᠡᠶ ᠬᠥᠳᠡᠯᠦᠯᠴᠡᠵᠦ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠠᠷᠢᠭᠤᠨ ᠴᠡᠪᠡᠷ ᠭᠤᠶᠣ ᠰᠠᠶᠢᠬᠠᠨ ᠵᠣᠯ ᠵᠢᠷᠭᠠᠯᠲᠤ ᠬᠡᠷ ᠣᠷᠣᠨ ᠢ ᠬᠠᠮᠲᠤ ᠪᠠᠷ ᠴᠣᠭᠴᠠᠯᠠᠶ᠎ᠠ᠃    ᠪᠦᠬᠦ ᠬᠤᠲᠠ ᠶᠢᠨ ᠠᠷᠠᠳ ᠤᠨ ᠴᠠᠭᠠᠨ ᠰᠠᠷ᠎ᠠ ᠶᠢᠨ ᠪᠠᠶᠠᠷ ᠬᠥᠷ ᠲᠠᠢ᠂ ᠵᠣᠯ ᠵᠢᠷᠭᠠᠯ ᠲᠠᠢ ᠠᠮᠤᠷ ᠠᠮᠤᠭᠤᠯᠠᠩ ᠂ ᠥᠯᠵᠡᠶ ᠪᠡᠯᠭᠡ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠥᠩᠨᠡᠶ᠎ᠡ︕ᠭᠡᠭᠡᠨ ᠭᠤᠤᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ2021 ᠣᠨ ᠤ 2 ᠰᠠᠷ᠎ᠠ ᠶᠢᠨ 5 ᠤ ᠡᠳᠦᠷᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号