ᠭᠡᠭᠡᠨ ᠭᠤᠤᠯ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/1
   2 ᠰᠠᠷ᠎ᠠ ᠶᠢᠨ 24 ᠤ ᠡᠳᠦᠷ᠂ ᠭᠡᠭᠡᠨ ᠭᠤᠤᠯ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃ ᠭᠡᠭᠡᠡ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ ᠭᠤᠤ ᠱᠠᠨ᠂ ᠭᠡᠭᠡᠡ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠤᠤ ᠶᠦᠨ᠂ ᠭᠡᠭᠡᠡ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠦ ᠮᠢᠨ᠂ ᠭᠡᠭᠡᠡ ᠭᠤᠣᠯ ᠬᠤᠲᠠ ᠶᠢᠨ ᠳᠡᠳ᠋ ᠬᠤᠲᠡ ᠶᠢᠨ ᠳᠠᠷᠤᠭ᠎ᠠ ᠮᠧᠩ ᠰᠢᠶᠠᠩ ᠪᠤᠤ ᠵᠢᠴᠢ ᠭᠡᠭᠡᠡ ᠭᠤᠣᠯ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠵᠠᠢ᠃    ᠭᠤᠤ ᠱᠠᠨ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠭᠤᠤᠯ ᠡᠭᠦᠷᠭᠡ ᠪᠣᠯ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠡ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠪᠣᠯᠤᠨ ᠪᠥᠬᠦ ᠲᠠᠯ᠎ᠠ ᠶᠢᠨ ᠦᠨᠳᠦᠷᠴᠡ ᠠᠴᠠ ᠲᠣᠰ ᠤᠳᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠣᠯ ᠢᠶᠠᠷ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠠᠵᠢᠯ ᠤᠨ ᠵᠠᠷᠴᠢᠮ ᠢ ᠡᠵᠡᠮᠰᠢᠵᠦ᠂ ᠬᠦᠴᠦᠲᠡᠶ ᠠᠷᠭ᠎ᠠ ᠬᠡᠮᠵᠢᠶ᠎ᠡ ᠪᠠ ᠴᠢᠩᠭ᠎ᠠ ᠨᠢᠮᠪᠠᠶ ᠣᠪᠣᠷ ᠢᠶᠠᠷ ᠡᠯ᠎ᠡ ᠵᠦᠶᠯ ᠤᠨ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠶ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠪᠣᠯᠤᠨ ᠵᠣᠷᠢᠭᠲᠠᠢ ᠡᠭᠦᠷᠭᠡᠯᠡᠬᠦ ᠵᠣᠷᠢᠭ ᠰᠠᠨᠠᠭ᠎ᠠ ᠪᠠᠷ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠢᠩᠭ᠎ᠠ ᠬᠦᠴᠦᠲᠡᠶ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠰᠢᠮᠳᠠᠭᠤᠯᠤᠨ ᠪᠠᠶᠢᠴᠠᠭᠠᠵᠤ ᠲᠣᠬᠢᠷᠠᠭᠤᠯᠤᠨ ᠪᠠᠲᠤᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ ᠭᠡᠵᠡᠢ᠃    ᠭᠤᠤ ᠶᠦᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠡᠷᠬᠢᠨ ᠡᠭᠦᠷᠭᠡ ᠴᠢᠳᠠᠪᠬᠢ ᠶᠢᠨ ᠦᠶᠯᠡᠳᠦᠯ ᠢᠶᠠᠨ ᠪᠠᠳᠠᠷᠠᠭᠤᠯᠬᠤ᠂ ᠨᠤᠲᠤᠭ ᠪᠡᠯᠴᠢᠭᠡᠷ ᠤᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ  ᠶᠢᠨ ᠬᠢᠨ ᠬᠢᠨᠠᠯᠲᠠ ᠲᠠᠯᠪᠢᠬᠤ ᠶᠢᠨ ᠲᠠᠬᠢᠨ ᠬᠢᠨᠠᠯᠲᠠ ᠲᠠᠯᠪᠢᠬᠤ᠂ ᠪᠠᠶᠢᠴᠠᠭᠠᠬᠤ ᠶᠢᠨ ᠲᠠᠬᠢᠨ ᠪᠠᠶᠢᠴᠠᠭᠠᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠠᠰᠠᠭᠤᠳᠠᠯ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠠᠷᠤ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ   ᠰᠢᠢᠳᠪᠤᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠭᠠᠷᠳᠠᠴᠠ ᠪᠣᠯᠭᠠᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠯᠠᠪᠳᠠᠭᠤᠨ ᠢᠶᠠᠷ ᠤᠷᠤᠭᠰᠢᠯᠠᠬᠤ ᠶᠢ ᠪᠠᠳᠤᠯᠠᠨ᠎ᠠ᠃
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号