| | | | | | 3 ᠰᠠᠷ᠎ᠠ ᠶᠢᠨ 9 ᠤ ᠡᠳᠦᠷ᠂ ᠬᠡᠭᠡᠨ ᠭᠤᠤᠯ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠬᠡᠭᠡᠨ ᠭᠤᠤᠯ ᠬᠤᠲᠠ ᠶᠢᠨ ᠺᠢᠨᠣ᠋ | ᠵᠦᠴᠦᠭᠡ ᠶᠢᠨ ᠲᠢᠶᠠᠲᠷ ᠲᠤ ᠡᠬᠢᠯᠡᠪᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠰᠦᠨ ᠰᠢᠶᠤᠤ | ᠯᠢᠶᠠᠩ᠂ ᠴᠧ ᠴᠢ ᠮᠢᠩ᠂ ᠯᠢᠦ ᠲᠦᠩ ᠸᠧᠨ᠂ ᠭᠧ ᠵᠢᠶᠦ᠋ᠨ᠂ ᠭᠦ᠋ ᠰᠢᠶᠠᠩ ᠯᠢᠶᠠᠨ᠂ ᠯᠢᠦ ᠸᠧᠢ᠂ ᠢᠦᠢ ᠵᠦᠩ | ᠯᠸᠢ᠂ ᠯᠢᠶᠠᠩ ᠪᠠᠢ ᠴᠢᠶᠠᠨ᠂ ᠵᠠᠩ ᠰᠢᠩ ᠬᠦᠢ ᠪᠣᠯᠤᠨ᠎ᠠ᠃ ᠴᠧ ᠴᠢ ᠮᠢᠩ ᠶᠡᠭᠡ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠡᠩ ᠲᠡᠷᠢᠭᠦᠨ ᠳᠤ ᠭᠧᠩ ᠬᠤᠤ ᠶᠢᠨ ᠬᠢᠭᠰᠡᠨ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠢ ᠰᠣᠨᠣᠰᠴᠠᠢ᠃ ᠢᠯᠡᠳᠬᠡᠯ ᠳᠤ ᠡᠩ ᠲᠡᠷᠢᠭᠦᠨ ᠳᠤ 2020 ᠣᠨ ᠤ ᠠᠵᠢᠯ ᠢ ᠡᠷᠭᠢᠴᠡᠭᠦᠯᠪᠡ᠃ | 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ | ᠪᠣᠯᠤᠨ᠎ᠠ᠂ ᠮᠥᠨᠴᠦ ᠭᠡᠭᠡᠨ ᠭᠤᠣᠯ ᠬᠤᠳᠠ ᠶᠢᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ | ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ | ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠶᠢᠨ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ | ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠢᠮᠤᠷᠠᠯ ᠤᠨ ᠳᠤᠮᠳᠠ ᠰᠢᠨ᠎ᠡ ᠪᠠᠶᠢᠳᠠᠯ ᠢ | ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠪᠦᠬᠦ ᠬᠤᠳᠠ ᠶᠢᠨ ᠠᠵᠤ ᠠᠬᠤᠢ | ᠲᠣᠭᠲᠠᠭᠤᠨ ᠤ ᠳᠤᠮᠳᠠ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠪᠠᠷ ᠲᠣᠭᠲᠠᠭᠤᠨ ᠪᠠᠶᠢᠨ᠎ᠠ᠃ | | ᠢᠯᠡᠳᠬᠡᠯ ᠳᠤ ᠴᠢᠬᠤᠯᠠ ᠶᠡᠭᠡ ᠪᠡᠷᠬᠡ ᠰᠡᠳᠦᠪ ᠢ ᠰᠢᠢᠳᠪᠤᠷᠢᠯᠡᠬᠦ ᠠᠵᠢᠯ ᠤᠨ ᠦᠷ᠎ᠡ ᠪᠦᠲᠦᠭᠡᠯ ᠢᠯᠡᠳᠲᠡ | ᠪᠣᠯᠤᠭᠰᠠᠨ᠂ ᠠᠮᠢ ᠠᠬᠤᠶ ᠶᠢᠨ ᠪᠦᠳᠤᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠪᠠᠶᠠᠯᠢᠭ᠂ ᠠᠵᠤ | ᠦᠢᠯᠡᠰ ᠤᠨ ᠲᠡᠰ ᠲᠡᠪᠰᠢᠯᠳᠡ ᠯᠠᠪᠳᠠᠭᠤᠨ ᠢᠶᠠᠷ ᠠᠬᠢᠬᠰᠠᠨ᠂ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠲᠠ | ᠲᠠᠰᠤᠷᠠᠯᠳᠠ ᠦᠭᠡᠢ ᠴᠢᠩᠭᠠᠷᠠᠭᠰᠠᠨ᠂ ᠥᠭᠡᠷᠡᠴᠢᠯᠡᠯᠲᠡ ᠨᠡᠭᠡᠭᠡᠯᠳᠡ ᠲᠠᠰᠤᠷᠠᠯᠳᠠ ᠦᠭᠡᠢ ᠭᠦᠨᠵᠡᠭᠡᠶᠢᠷᠡᠭᠰᠡᠨ᠂ | ᠨᠡᠶᠢᠭᠡᠮ ᠤᠨ ᠦᠢᠯᠡᠰ ᠯᠠᠪᠳᠠᠭᠤᠨ ᠢᠶᠠᠷ ᠬᠥᠭᠵᠢᠭᠰᠡᠨ᠂ ᠵᠠᠰᠠᠭ ᠤᠨ ᠣᠷᠳᠣᠨ ᠤ ᠪᠠᠶᠢᠭᠤᠯᠤᠯᠲᠠ ᠪᠦᠭᠦ ᠲᠠᠯ᠎ᠠ ᠪᠠᠷ | ᠴᠢᠩᠭᠠᠷᠠᠭᠰᠠᠨ ᠲᠤᠯᠤᠭᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠢᠭᠠᠵᠤ ᠭᠠᠷᠭᠠᠭᠰᠠᠨ ᠨᠢ᠂ ᠲᠠᠪᠤᠨ ᠵᠢᠯ ᠤᠨ | ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠪᠢᠳᠡ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠷ ᠢᠶᠠᠨ ᠡᠯ᠎ᠡ | ᠵᠤᠶᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠥᠬᠦ ᠬᠦᠴᠦᠨ ᠢᠶᠠᠷ ᠢᠶᠠᠨ ᠰᠢᠢᠳᠪᠤᠷᠢᠯᠡᠵᠦ᠂ ᠬᠠᠷᠢᠭᠤᠴᠠᠯᠭ᠎ᠠ | ᠪᠠ ᠡᠭᠦᠷᠭᠡᠯᠡᠯ ᠢᠶᠠᠷ ᠢᠶᠠᠨ ᠠᠷᠠᠳ ᠲᠦᠮᠡᠨ ᠳᠤ ᠠᠮᠠᠯᠠᠭᠰᠠᠨ ᠡᠯ᠎ᠡ ᠵᠤᠶᠢᠯ ᠤᠨ ᠠᠮᠠᠯᠠᠯᠲᠠ ᠪᠠᠨ ᠪᠥᠬᠦ | ᠬᠦᠴᠦᠨ ᠢᠶᠠᠷ ᠢᠶᠠᠨ ᠪᠡᠶᠡᠯᠡᠭᠦᠯᠵᠦ᠂ ᠠᠵᠤ ᠠᠬᠤᠶ ᠪᠠᠭᠤᠷᠠᠬᠤ ᠳᠠᠷᠤᠯᠲᠠ ᠶᠢ ᠲᠤᠯᠵᠤ ᠠᠪᠤᠨ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠤᠷᠢᠲᠦ ᠴᠢᠨᠠᠷᠲᠠᠶ ᠢᠯᠠᠯᠲᠠ ᠶᠢ ᠲᠡᠮᠡᠴᠡᠨ ᠤᠯᠵᠠᠢ᠃ | ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ | ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠰ | ᠰᠢᠭᠤᠷᠬᠠᠶ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠡᠩᠨᠡᠭᠡᠨ ᠳᠤ ᠣᠷᠣᠵᠤ᠂ ᠠᠶᠢᠯ | ᠡᠷᠦᠬᠡ ᠳᠤ ᠬᠦᠷᠴᠦ ᠪᠠᠶᠢᠴᠠᠭᠠᠨ ᠦᠵᠡᠬᠦ ᠶᠠᠪᠤᠴᠠ ᠳᠤ ᠤᠭ ᠰᠠᠨᠠᠭ᠎ᠠ ᠪᠠᠨ ᠪᠠᠲᠤ ᠰᠠᠬᠢᠵᠤ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ | ᠵᠠᠮ ᠬᠠᠷᠢᠯᠴᠠᠭᠠᠨ ᠤ ᠪᠣᠭᠤᠮᠲᠠ ᠳᠡᠭᠡᠷ᠎ᠡ ᠬᠦᠨᠳᠦ ᠡᠭᠦᠷᠭᠡ ᠶᠢ ᠡᠭᠦᠷᠭᠡᠯᠡᠵᠦ᠂ ᠵᠠᠮ ᠤᠨ ᠠᠭᠤᠯᠵᠠᠷ ᠪᠠ ᠰᠠᠭᠤᠭᠠᠯᠢ | ᠠᠷᠠᠳ ᠤᠨ ᠲᠣᠭᠤᠷᠢᠭ ᠲᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠬᠡᠳᠤᠨ᠂ ᠴᠢᠩ | ᠦᠨᠡᠨᠴᠢ ᠪᠠᠷ ᠪᠦᠯᠬᠦᠮᠳᠡᠵᠦ᠂ ᠤᠷᠢᠳᠤ ᠡᠮᠦᠨ᠎ᠡ ᠪᠠᠶᠢᠭ᠎ᠠ ᠦᠭᠡᠢ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ | ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠦᠴᠦᠲᠡᠢ | ᠬᠠᠮᠠᠭᠠᠯᠠᠪᠠ᠃ | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠬᠦ ᠵᠢᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ | ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠪᠠᠷ | ᠬᠥᠭᠵᠢᠭᠦᠯᠬᠦ︾ ᠪᠠᠷ ᠭᠤᠣᠯ ᠰᠢᠵᠢᠮ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠴᠢ ᠬᠦᠴᠦᠨ ᠪᠣᠯᠭᠠᠨ᠂ ᠠᠵᠤ ᠦᠢᠯᠡᠰ ᠢ | ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠷ ᠲᠤᠯᠭᠠᠭᠤᠷᠢᠯᠠᠯ ᠪᠣᠯᠭᠠᠵᠤ᠂ ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 3.5% ᠣᠷᠴᠢᠮ ᠢᠶᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 7%ᠣᠷᠴᠢᠮ ᠢᠶᠠᠷ ᠨᠡᠮᠡᠭᠳᠡᠭᠦᠯᠦᠨ᠎ᠡ | ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 3% ᠣᠷᠴᠢᠮ ᠢᠶᠠᠷ | ᠨᠡᠮᠡᠭᠳᠡᠭᠦᠯᠦᠨ᠎ᠡ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 3% ᠣᠷᠴᠢᠮ ᠢᠶᠠᠷ ᠨᠡᠮᠡᠭᠳᠡᠭᠦᠯᠦᠨ᠎ᠡ᠂ ᠪᠠᠲᠤᠯᠠᠭ᠎ᠠ ᠶᠢᠨ ᠴᠢᠨᠠᠷᠲᠠᠶ ᠠᠷᠠᠳ ᠤᠨ | ᠠᠮᠢᠳᠤᠷᠠᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ | ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠭᠡᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠤᠭᠴᠠᠯᠠᠨ᠎ᠠ᠃ ᠡᠬᠢ | ᠪᠠᠶᠠᠯᠢᠭ ᠤᠨ ᠳᠠᠯᠳᠠ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠤᠶᠢᠯᠡᠰ ᠤᠨ ᠲᠠᠰ ᠳᠡᠪᠰᠢᠬᠦ ᠶᠢ | ᠲᠦᠷᠭᠡᠳᠬᠡᠨ ᠠᠬᠢᠭᠤᠯᠤᠨ᠎ᠠ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠰᠡᠭᠦᠯ ᠤᠨ ᠬᠦᠴᠦᠨ ᠢ ᠦᠨᠡᠨᠬᠦ ᠴᠢᠩᠭᠠᠳᠬᠠᠨ᠎ᠠ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠤᠶᠢᠵᠢᠭᠤᠯᠤᠨ᠎ᠠ᠃ ᠶᠠᠰᠤ ᠴᠢᠨᠠᠷ ᠤᠨ ᠴᠣᠭᠴᠠᠯᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠭᠡᠭᠡᠨ ᠭᠤᠤᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ ᠪᠠᠶᠢᠭᠤᠯᠤᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠤᠨ᠎ᠡ᠂ ᠵᠠᠰᠠᠭ ᠤᠨ ᠣᠷᠳᠣᠨ ᠤ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠴᠢᠳᠠᠪᠤᠷᠢ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠭᠡᠭᠡᠨ ᠭᠤᠣᠯ ᠬᠤᠳᠠ ᠶᠢᠨ ᠤᠯᠤᠰ | ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ᠢ ᠬᠢᠨᠠᠨ | ᠪᠠᠶᠢᠴᠠᠭᠠᠪᠠ︔ ᠭᠡᠭᠡᠨ ᠭᠤᠣᠯ ᠬᠤᠳᠠ ᠶᠢᠨ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ᠂ ᠭᠡᠭᠡᠨ ᠭᠤᠣᠯ | ᠬᠤᠳᠠ ᠶᠢᠨ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2021 ᠣᠨ ᠤ ᠲᠥᠰᠦᠪ ︵ | ᠲᠥᠰᠦᠯ︶ ᠤᠨ ᠮᠡᠳᠡᠭᠦᠯᠦᠯᠲᠡ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠳᠤᠷᠠᠳᠤᠭᠰᠠᠨ | ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠵᠢᠴᠢ ᠶᠡᠭᠡ ᠬᠤᠷᠠᠯ ᠤᠨ ᠨᠥᠬᠦᠵᠦ ᠰᠣᠩᠭᠤᠬᠤ ᠵᠢᠱᠢᠭᠳᠡᠭᠰᠡᠳ ᠤᠨ | ᠨᠡᠷᠡᠰ ᠢ ᠨᠡᠶᠢᠲᠡᠯᠡᠪᠡ᠃ | ᠡᠬᠡ ᠪᠢᠴᠢᠭ ᠤᠨ ᠢᠷᠡᠯᠲᠡ᠄ ᠭᠡᠭᠡᠨ ᠭᠤᠣᠯ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪ | ᠵᠤᠬᠢᠶᠠᠭᠴᠢ᠄ ᠵᠠᠩ ᠴᠢ ᠸᠧᠨ ᠰᠢᠶᠧ ᠵᠢᠶᠠ ᠯᠢᠦ ᠰᠢᠩ ᠸᠧᠨ ᠯᠢᠦ ᠭᠤᠸᠠᠩ ᠴᠧᠩ ᠯᠢᠦ ᠭᠦᠢ ᠾᠧ | ᠷᠧᠨ ᠪᠣᠣ ᠵᠧᠨ ᠵᠢᠢ ᠮᠢᠩ ᠶᠠᠨ | |