ᠭᠡᠭᠡᠨ ᠭᠤᠤᠯ ᠬᠤᠲᠠ ᠶᠢᠨ ᠾᠧ ᠰᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠬᠦᠢᠯᠭᠡᠭᠡᠨ ᠤ ᠵᠠᠩᠭᠢᠯᠠᠭ᠎ᠠ ᠶᠢᠨ ᠭᠤᠭᠴᠤᠭ᠎ᠠ ᠶᠢᠨ ᠲᠤᠰᠬᠠᠢ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2021/3/16
  ᠢᠳᠡᠭᠡᠨ ᠤ ᠵᠤᠶᠢᠯ ᠤᠨ ᠡᠵᠡᠩᠨᠡᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠵᠤᠶᠢᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠭᠡᠭᠡᠨ ᠭᠤᠤᠯ ᠬᠤᠲᠠ ᠶᠢᠨ ᠾᠧ ᠰᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠵᠤᠶᠢᠯ ᠤᠨ ᠬᠦᠢᠯᠭᠡᠭᠡᠨ ᠤ ᠭᠤᠭᠴᠤᠭ᠎ᠠ ᠶᠢᠨ ᠲᠤᠰᠬᠠᠢ ᠪᠠᠶᠢᠴᠠᠭᠠᠯᠲᠠ ᠶᠢ ᠦᠷᠨᠢᠭᠦᠯᠪᠡ᠃    ᠨᠢᠭᠡ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠣᠲᠣᠷᠠᠬᠢ ᠰᠤᠷᠭᠠᠭᠤᠯᠢ ᠶᠢᠨ ᠬᠦᠷᠢᠶ᠎ᠡ ᠵᠢᠴᠢ ᠲᠡᠭᠦᠨ ᠤ ᠡᠷᠬᠢᠨ ᠲᠣᠭᠤᠷᠢᠨ ᠤ 100 ᠮᠧᠲᠷ ᠤᠨ ᠬᠡᠪᠴᠢᠶᠡᠨ ᠳᠠᠬᠢ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠬᠠᠷᠢᠶ᠎ᠠ ᠣᠷᠣᠨ ᠤ ᠳᠣᠲᠣᠷᠠᠬᠢ ᠭᠡᠭᠡᠨ ᠭᠤᠤᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠪᠠᠭ᠎ᠠ ᠰᠤᠷᠭᠠᠭᠤᠯᠢ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 10 ᠭᠠᠷᠤᠶ ᠡᠷᠦᠬᠡ ᠶᠢᠨ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢ ᠲᠠᠩᠰᠠ ᠪᠠᠶᠢᠭᠤᠯᠤᠨ ᠬᠠᠮᠢᠶᠠᠷᠴᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠣᠯᠭᠠᠪᠠ᠃  ᠬᠤᠶᠠᠷ᠂ ᠭᠤᠤᠯᠳᠠᠯᠭ᠎ᠠ ᠶᠢ ᠳᠣᠪᠤᠶᠢᠯᠭᠠᠨ᠂ ᠲᠤᠰᠬᠠᠶ ᠵᠤᠶᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠰᠤᠷᠭᠠᠭᠤᠯᠢ ᠶᠢᠨ ᠬᠦᠷᠢᠶ᠎ᠡ ᠵᠢᠴᠢ ᠲᠡᠭᠦᠨ ᠤ ᠡᠷᠭᠢᠨ ᠲᠣᠭᠤᠷᠢᠨ ᠤ 100 ᠮᠧᠲᠷ ᠤᠨ ᠬᠦᠷᠢᠶ᠎ᠡ ᠬᠡᠪᠴᠢᠶ᠎ᠡ ᠶᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠣᠷᠣᠨ ᠪᠤᠯᠭᠠᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠬᠡᠳᠦ ᠳᠡᠯᠭᠡᠭᠦᠷ᠂ ᠢᠳᠡᠭᠡᠨ ᠤ ᠳᠡᠯᠭᠡᠭᠦᠷ᠂ ᠵᠢᠵᠢᠭ ᠳᠡᠯᠭᠡᠭᠦᠷᠴᠢᠨ ᠢᠶᠠᠷ ᠭᠤᠣᠯᠳᠠᠯᠭ᠎ᠠ ᠪᠣᠯᠭᠠᠵᠤ᠂ ᠲᠤᠰᠬᠠᠶ ᠵᠦᠢᠯ ᠤᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠬᠤ ᠶᠢ ᠥᠷᠨᠢᠭᠦᠯᠵᠦ᠂ ᠭᠡᠷᠡᠴᠢ ᠪᠠᠷᠢᠮᠲᠠ ᠠᠪᠬᠤ᠂ ᠪᠠᠷᠠᠭ᠎ᠠ ᠤᠷᠤᠭᠤᠯᠬᠤ ᠦᠶᠡᠰ ᠤᠨ ᠪᠠᠶᠢᠴᠠᠭᠠᠨ ᠰᠢᠯᠭᠠᠬᠤ ᠵᠡᠷᠭᠡ ᠡᠯ᠎ᠡ ᠵᠤᠶᠢᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠶᠢᠨ ᠬᠠᠮᠲᠤ᠂ ᠡᠯ᠎ᠡ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠥᠪᠡᠷ ᠢ ᠪᠠᠨ ᠢᠯᠡ ᠪᠣᠯᠭᠠᠬᠤ ᠪᠠᠷ ᠠᠮᠠᠯᠳᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠳᠡᠭᠡᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ᠭᠤᠷᠪᠠ᠂ ᠬᠠᠮᠢᠶᠠᠷᠴᠤ ᠰᠤᠷᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠢ ᠰᠠᠬᠢᠨ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠢ ᠳᠠᠭᠡᠭᠰᠢᠯᠡᠭᠦᠯᠦᠨ᠎ᠡ᠃ ᠲᠤᠰᠬᠠᠶ ᠵᠤᠶᠢᠯ ᠤᠨ ᠪᠠᠶᠢᠴᠠᠭᠠᠯᠲᠠ ᠶᠢᠨ ᠠᠵᠢᠯ ᠤᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠬᠤ ᠶᠢᠨ ᠳᠠᠭᠠᠤ ᠡᠵᠡᠩᠨᠡᠭᠴᠢᠳ ᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢ ᠪᠠᠷᠢᠮᠲᠠᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠤᠬᠠᠭᠤᠯᠵᠤ᠂ ᠥᠷᠭᠡᠨ ᠣᠯᠠᠨ ᠢᠳᠡᠭᠡᠨ ᠤ ᠡᠵᠡᠩᠨᠡᠭᠴᠢᠳ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠢ ᠰᠠᠬᠢᠨ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠦᠵᠡᠯ ᠤᠬᠠᠮᠰᠠᠷ ᠢ ᠨᠢ ᠴᠢᠩᠭᠠᠳᠬᠠᠵᠤ᠂ ᠥᠷᠭᠡᠨ ᠣᠯᠠᠨ ᠪᠠᠭᠰᠢ ᠰᠣᠷᠣᠭᠴᠢ ᠵᠢᠴᠢ ᠡᠷᠬᠢᠨ ᠲᠣᠭᠤᠷᠢᠨ ᠤ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠳᠤᠯᠠᠨ᠎ᠠ᠃   ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 4 ᠬᠥᠮᠦᠨ ᠭᠠᠷᠭᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠵᠤᠶᠢᠯ ᠤᠨ ᠡᠵᠡᠩᠨᠡᠯᠲᠡ ᠶᠢᠨ ᠳᠡᠯᠭᠡᠭᠦᠷ 8 ᠤᠳᠠᠭ᠎ᠠ᠂ ᠢᠳᠡᠭᠡᠨ ᠤᠮᠳᠠᠭᠠᠨ ᠤ ᠳᠡᠯᠭᠡᠭᠦᠷ 4 ᠤᠳᠠᠭ᠎ᠠ ᠪᠠᠶᠢᠴᠠᠭᠠᠵᠤ᠂ ᠬᠢᠨᠠᠨ ᠬᠠᠮᠢᠶᠠᠷᠬᠤ ᠬᠠᠷᠢᠶᠠᠲᠤ ᠣᠷᠣᠨ ᠤ ᠬᠡᠪᠴᠢᠶᠡᠨ ᠳᠤ ᠡᠵᠡᠩᠨᠡᠯᠲᠡ ᠶᠢᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠪᠠᠶᠢᠬᠤ ᠥᠬᠡᠶ᠃ ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡᠵᠤᠬᠢᠶᠠᠭᠴᠢ᠄ ᠮᠠᠨᠳᠠ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号