ᠭᠡᠭᠡᠨ ᠭᠤᠣᠯ ᠬᠤᠳᠠ ᠶᠢᠨ ᠮᠠᠨᠬᠦ᠋ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2021/3/16
    ᠴᠠᠭᠠᠨ ᠰᠠᠷ᠎ᠠ ᠦᠩᠭᠡᠷᠡᠭᠰᠡᠨ ᠤ ᠳᠠᠷᠠᠭᠠᠬᠢ ᠰᠤᠷᠤᠯᠭ᠎ᠠ ᠡᠬᠢᠯᠡᠬᠦ ᠲᠠᠰᠢᠷᠠᠮ ᠢᠶᠠᠷ᠂ ᠭᠡᠭᠡᠨ ᠭᠤᠤᠯ ᠬᠤᠲᠠ ᠶᠢᠨ ᠮᠠᠨᠬᠦ᠋ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠷᠢᠶ᠎ᠠ ᠣᠷᠣᠨ ᠳᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠭᠤ ᠢᠳᠡᠭᠡᠨ ᠤ ᠲᠦᠭᠦᠬᠡᠶ ᠮᠠᠲ᠋ᠧᠷᠢᠶᠠᠯ ᠢ ᠬᠠᠳᠠᠭᠠᠯᠠᠬᠤ ᠭᠤᠭᠴᠤᠭ᠎ᠠ᠂ ᠢᠳᠡᠭᠡᠨ ᠤ ᠨᠡᠮᠡᠯᠲᠡ ᠡᠳ᠋ ᠢ ᠬᠡᠷᠡᠭᠯᠡᠵᠦ ᠪᠠᠶᠢᠭ᠎ᠠ ᠪᠠᠶᠢᠳᠠᠯ᠂ ᠪᠦᠳᠦᠭᠦᠯᠢᠭ ᠡᠳ᠋ᠰᠢᠭᠦᠯᠭᠡ᠂ ᠬᠡᠷᠴᠢᠨ ᠨᠠᠶᠢᠷᠠᠭᠤᠯᠬᠤ ᠪᠠ ᠡᠳ᠋ᠰᠢᠭᠦᠯᠦᠨ ᠤᠶᠢᠯᠡᠳᠬᠦ ᠭᠤᠭᠴᠤᠭ᠎ᠠ᠂ ᠲᠤᠰᠬᠠᠶ ᠲᠠᠰᠤᠯᠭ᠎ᠠ ᠭᠤᠭᠴᠤᠭ᠎ᠠ᠂ ᠬᠤᠭᠤᠯᠠ ᠪᠡᠯᠡᠳᠬᠡᠬᠦ ᠭᠤᠭᠴᠤᠭ᠎ᠠ᠂ ᠤᠬᠢᠶᠠᠵᠤ ᠠᠷᠢᠯᠭᠠᠬᠤ ᠭᠤᠭᠴᠤᠭ᠎ᠠ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠤᠤᠭᠤᠬᠤ ᠤᠰᠤᠨ ᠤ ᠠᠷᠢᠭᠤᠨ ᠴᠡᠪᠡᠷ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠪᠠᠶᠢᠴᠠᠭᠠᠯᠲᠠ ᠬᠢᠵᠡᠢ᠃ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠪᠦᠲᠦᠮᠵᠢᠲᠡᠶ ᠠᠷᠭ᠎ᠠ ᠬᠡᠮᠵᠢᠶ᠎ᠡ ᠠᠪᠤᠭᠤᠯᠵᠤ᠂ ᠢᠳᠡᠭᠡᠨ ᠢ ᠪᠦᠷᠢᠯᠭᠡᠨ ᠰᠦᠶ᠋ᠳᠬᠡᠬᠦ ᠶᠢ ᠪᠠᠭᠠᠰᠬᠠᠨ᠂ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠷᠪᠢᠯᠠᠨ ᠭᠠᠮᠨᠠᠬᠤ ᠳᠠᠳᠬᠠᠯ ᠲᠠᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠴᠢᠳᠠᠪᠤᠷᠢ ᠶᠢ ᠨᠢ ᠨᠡᠮᠡᠭᠳᠡᠭᠦᠯᠦᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠲᠦᠢᠯᠪᠤᠷᠢᠲᠠᠶ ᠠᠷᠢᠯᠭᠠᠨ᠎ᠠ᠃    ᠲᠣᠰ ᠤᠳᠠᠭᠠᠨ ᠤ ᠠᠵᠢᠯᠯᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 4 ᠬᠥᠮᠦᠨ ᠤᠳᠠᠭ᠎ᠠ ᠬᠥᠳᠡᠯᠭᠡᠵᠦ᠂ ᠨᠢᠭᠡ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠡᠷᠬᠢᠨ ᠲᠣᠭᠤᠷᠢᠨ ᠤ ᠨᠢᠭᠡ ᠢᠳᠡᠭᠡᠨ ᠤᠮᠳᠠᠭᠠᠨ ᠤ ᠳᠡᠯᠭᠡᠭᠦᠷ ᠢ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠢᠳᠡᠭᠡᠨ ᠳᠤ ᠬᠤᠤᠷᠳᠠᠭᠳᠠᠬᠤ ᠶᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠦᠷᠭᠦᠯᠵᠢᠯᠡᠨ ᠤᠬᠠᠭᠤᠯᠵᠤ᠂ ᠰᠤᠷᠭᠠᠭᠤᠯᠢ ᠶᠢᠨ ᠬᠤᠭᠤᠯᠠᠨ ᠬᠡᠷ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠭᠴᠢ ᠳᠤ ᠬᠢᠨᠠᠯᠲᠠ ᠪᠠᠶᠢᠴᠠᠭᠠᠯᠲᠠ ᠶᠢᠨ ᠡᠷᠴᠢᠮ ᠪᠠ ᠪᠠᠶᠢᠴᠠᠭᠠᠬᠤ ᠤᠳᠠᠭ᠎ᠠ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠡ ᠶᠢᠨ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡᠵᠤᠬᠢᠶᠠᠭᠴᠢ᠄ ᠮᠧᠩ ᠰᠢᠶᠠᠨ ᠯᠢᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号