ᠭᠧᠩ ᠬᠤᠤ ᠵᠢᠴᠢ ᠬᠠᠮᠢᠶ᠎ᠠ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠢ ᠳᠤ ᠬᠥᠯᠥᠨ ᠪᠤᠶᠢᠷ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠠᠵᠢᠯ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠸᠢᠳᠢᠣ᠋ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/3/16
  3 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠸᠢᠳᠢᠣ᠋ ᠶᠢᠨ ᠬᠤᠷᠠᠯ ᠬᠤᠷᠠᠯᠳᠤᠵᠤ᠂ ᠬᠥᠯᠥᠨ ᠪᠤᠶᠢᠷ ᠤᠨ ᠳᠡᠳ᠋ ᠬᠤᠲᠠ ᠶᠢᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠭᠧᠩ ᠬᠤᠤ ᠵᠢᠴᠢ ᠬᠤᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃    ᠪᠠᠶ ᠬᠠᠶ ᠯᠢᠨ ᠱᠠᠭᠠᠷᠳᠠᠭᠰᠠᠨ ᠨᠢ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ ᠶᠢᠨ ᠵᠢᠯ᠂ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠠᠷᠠᠯᠲᠠ ᠶᠢ ᠡᠵᠡᠮᠳᠡᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠤᠴᠢᠷ ᠶᠠᠪᠤᠳᠠᠯ ᠢ ᠪᠣᠳᠣᠯᠬᠢᠯᠠᠵᠤ᠂ ᠴᠢᠳᠠᠮᠠᠭᠠᠶ ᠪᠠᠷ ᠠᠵᠢᠯ ᠬᠢᠵᠦ᠂ ᠰᠢᠨ᠎ᠡ ᠱᠠᠲᠤ ᠦᠶ᠎ᠡ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠠᠬᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠠᠶᠢᠨ ᠡᠬᠢᠯᠡᠯᠲᠡ᠂ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠳᠤᠯᠠᠨ᠎ᠠ᠃ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠂ ᠲᠦᠷᠢᠮ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠤᠶᠢᠯᠡᠰ ᠤᠨ ᠡᠷᠡᠭᠦᠯ ᠢᠶᠠᠷ ᠬᠥᠭᠵᠢᠬᠦ ᠶᠢ ᠴᠢᠷᠮᠠᠶᠢᠨ ᠠᠬᠢᠭᠤᠯᠵᠤ᠂ ᠳᠠᠬᠢᠨ ᠰᠢᠨ᠎ᠡ ᠳᠡᠭᠲᠡᠷ ᠲᠤ ᠭᠠᠷᠤᠨ᠎ᠠ᠃ ᠡᠬᠡ ᠪᠢᠴᠢᠭ ᠤᠨ ᠢᠷᠡᠯᠲᠡ᠄  ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪᠵᠤᠬᠢᠶᠠᠭᠴᠢ᠄ ᠰᠢᠶᠧ ᠵᠢᠶᠠ  ᠯᠢᠦ ᠭᠤᠸᠠᠩ ᠴᠧᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号