ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢᠨ ᠲᠥᠯᠥᠭᠡ᠂ 2 ᠰᠠᠷ᠎ᠠ ᠶᠢᠨ 23 ᠤ ᠡᠳᠦᠷ ᠭᠡᠭᠡᠨ ᠭᠤᠣᠯ ᠬᠤᠲᠠ ᠶᠢᠨ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠤᠯᠭᠤᠶᠠ ᠡᠸᠠᠩᠬᠢ ᠦᠨᠳᠤᠰᠤᠳᠠᠨ ᠤ ᠰᠢᠶᠠᠩ ᠤᠨ 62 ᠠᠩᠴᠢᠨ ᠵᠢᠴᠢ ᠤᠯᠭᠤᠶᠠ ᠡᠸᠠᠩᠬᠢ | ᠦᠨᠳᠤᠰᠤᠳᠠᠨ ᠤ ᠰᠢᠶᠠᠩ ᠤᠨ ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠶ ᠣᠯᠠᠨ ᠲᠦᠮᠡᠨ ᠢ | ᠲᠣᠬᠤᠨᠢᠭᠤᠯᠤᠭᠰᠠᠨ ᠪᠥᠭᠡᠳ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠭᠰᠡᠨ ᠪᠠᠶᠢᠨ᠎ᠠ᠃ ᠡᠨᠡ ᠤᠳᠠᠭ᠎ᠠ ᠨᠡᠶᠢᠲᠡ | 96 ᠡᠷᠦᠬᠡ ᠶᠢ ᠲᠣᠬᠤᠨᠢᠭᠤᠯᠵᠤ᠂ ᠡᠷᠦᠬᠡ ᠪᠦᠷᠢ ᠳᠤ 500 ᠲᠥᠭᠦᠷᠢᠭ ᠤᠨ ᠲᠣᠬᠤᠨᠢᠭᠤᠯᠬᠤ ᠮᠥᠩᠭᠦ ᠬᠦᠷᠭᠡᠵᠦ᠂ | ᠨᠡᠶᠢᠲᠡ 48,000.00 ᠲᠥᠭᠦᠷᠢᠭ᠃ | ᠲᠣᠬᠤᠨᠢᠭᠤᠯᠬᠤ ᠳᠤᠭᠤᠶᠢᠯᠠᠩ ᠤᠨ ᠬᠢᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠳᠣᠲᠣᠨᠣ | ᠪᠠᠷ ᠶᠠᠷᠢᠯᠴᠠᠵᠤ᠂ ᠵᠣᠭᠤᠭ ᠳᠡᠯᠭᠡᠨ᠂ ᠲᠡᠳᠡᠨ ᠤ ᠪᠡᠶ᠎ᠡ ᠮᠠᠬᠠᠪᠣᠳ᠂ ᠠᠮᠢᠳᠤᠷᠠᠯ᠂ ᠠᠵᠢᠯ ᠤᠨ ᠪᠠᠶᠢᠳᠠᠯ ᠢ ᠨᠠᠷᠢᠨ | ᠠᠰᠠᠭᠤᠵᠤ᠂ ᠲᠡᠳᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠡᠳᠡᠨ ᠢ ᠨᠠᠮ | ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠶᠠᠭᠠᠯᠠᠯ ᠳᠣᠤᠷ᠎ᠠ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ | ᠬᠦᠴᠢᠷ ᠪᠡᠷᠬᠡᠰᠢᠶᠡᠯ ᠢ ᠢᠯᠡᠨ ᠳᠠᠪᠠᠵᠤ᠂ ᠠᠮᠢᠳᠤᠷᠠᠯ ᠢᠶᠠᠨ ᠨᠠᠩ ᠰᠠᠶᠢᠨ ᠰᠠᠶᠢᠬᠠᠨ ᠪᠣᠯᠭᠠᠬᠤ ᠶᠢ ᠵᠣᠷᠢᠭᠵᠢᠭᠤᠯᠪᠠ᠃ | | ᠲᠤᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠢ | ᠦᠨᠡᠨ ᠬᠦ ᠬᠠᠮᠤᠭ ᠠᠴᠠ ᠬᠠᠶᠢᠷᠠᠯᠠᠨ ᠬᠠᠯᠠᠮᠵᠢᠯᠠᠬᠤ ᠴᠢᠬᠤᠯᠠᠲᠠᠢ ᠴᠥᠭᠡᠨ ᠲᠣᠭᠠᠲᠤ ᠦᠨᠳᠦᠰᠦᠲᠡᠨ ᠤ ᠶᠠᠳᠠᠭᠤ | ᠬᠦᠴᠢᠷᠳᠡᠯᠲᠡᠢ ᠬᠥᠮᠦᠰ ᠲᠤ ᠬᠦᠷᠭᠡᠵᠦ᠂ ᠤᠯᠭᠤᠶᠠ ᠡᠸᠠᠩᠬᠢ ᠦᠨᠳᠤᠰᠤᠳᠠᠨ ᠤ ᠠᠩᠴᠢᠳ ᠪᠣᠯᠤᠨ ᠥᠷᠭᠡᠨ | ᠤᠯᠠᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ | ᠳᠤᠯᠠᠭᠠᠨ ᠢ ᠮᠡᠳᠡᠷᠡᠭᠦᠯᠪᠡ᠃ | ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠵᠤᠬᠢᠶᠠᠭᠴᠢ᠄ ᠰᠢᠶᠧ ᠬᠠᠢ ᠲᠣᠣ |