ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠰᠥᠭᠡᠷᠭᠦ ᠳᠠᠷᠤᠯᠲᠠᠲᠤ ᠲᠤᠰᠠᠭᠠᠷᠯᠠᠬᠤ ᠡᠪᠡᠳᠴᠢᠲᠡᠨ ᠤ ᠥᠷᠥᠭᠡ ᠶᠢᠨ ᠪᠦᠲᠦᠭᠡᠨ ᠪᠠᠶᠢᠭᠤᠯᠤᠯᠲᠠ ᠳᠠᠭᠤᠰᠪᠠ
ᠨᠡᠶᠢᠲᠡᠯᠡᠭᠰᠡᠨ ᠴᠠᠭ᠄
2021/3/2
  ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠦᠶᠯᠡᠴᠢᠯᠡᠭᠡᠨ ᠤ ᠨᠦᠬᠦᠴᠡᠯ ᠢ ᠲᠡᠭᠦᠯᠳᠡᠷᠵᠢᠭᠦᠯᠬᠦ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠭᠡᠨᠡᠳᠲᠡ ᠡᠭᠦᠰᠦᠭᠰᠡᠨ ᠢ ᠤᠯᠠᠮ ᠨᠢᠭᠡ ᠠᠯᠬᠤᠮ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠬᠤᠲᠠ  ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠤᠷ᠎ᠠ᠂ ᠭᠡᠭᠡᠨ ᠭᠤᠤᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠬᠠᠯᠳᠠᠪᠤᠷᠢᠲᠤ ᠡᠪᠡᠳᠴᠢᠨ ᠤ ᠰᠠᠯᠠᠭ᠎ᠠ ᠪᠠᠶᠢᠭᠤᠯᠵᠤ᠂ ᠡᠮᠨᠡᠯᠭᠡ  ᠳᠤ ᠰᠠᠭᠤᠬᠤ ᠭᠠᠵᠠᠷ ᠤᠨ ᠬᠡᠰᠡᠭ ᠰᠠᠯᠠᠭ᠎ᠠ ᠲᠠᠰᠤᠭ ᠢ ᠥᠭᠡᠷᠡᠴᠢᠯᠡᠨ ᠪᠠᠶᠢᠭᠤᠯᠵᠤ᠂ ᠬᠠᠯᠳᠠᠪᠤᠷᠢᠲᠤ ᠡᠪᠡᠳᠴᠢᠨ ᠤ ᠰᠥᠭᠡᠷᠭᠦ ᠳᠠᠷᠤᠯᠲᠠᠲᠤ ᠲᠤᠰᠠᠭᠠᠷᠯᠠᠬᠤ ᠡᠪᠡᠳᠴᠢᠲᠡᠨ ᠤ ᠥᠷᠥᠭᠡ ᠪᠠᠶᠢᠭᠤᠯᠵᠤ᠂ ᠣᠲᠣ ᠨᠢᠭᠡᠨᠲᠡ ᠠᠰᠢᠭᠯᠠᠯᠲᠠ ᠳᠤ ᠣᠷᠣᠭᠤᠯᠬᠤ ᠪᠠᠷᠢᠮᠵᠢᠶ᠎ᠠ ᠳᠤ ᠬᠥᠷᠪᠡ᠃   2020 ᠣᠨ ᠤ 9 ᠰᠠᠷ᠎ᠠ ᠳᠤ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠬᠠᠯᠳᠠᠪᠤᠷᠢᠲᠤ ᠡᠪᠡᠳᠴᠢᠨ ᠤ ᠰᠥᠭᠡᠷᠭᠦ ᠳᠠᠷᠤᠯᠲᠠᠲᠤ ᠲᠤᠰᠠᠭᠠᠷᠯᠠᠬᠤ ᠡᠪᠡᠳᠴᠢᠲᠡᠨ ᠤ ᠥᠷᠥᠭᠡ ᠪᠠᠶᠢᠭᠤᠯᠬᠤ ᠠᠵᠢᠯ ᠢ ᠡᠬᠢᠯᠡᠭᠦᠯᠵᠦ ᠂ 2021 ᠣᠨ ᠤ 1 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 1100 ᠲᠦᠮᠡᠨ ᠲᠥᠭᠦᠷᠢᠭ ᠲᠤ ᠬᠦᠷᠴᠡᠶ᠃ ᠬᠠᠯᠳᠠᠪᠤᠷᠢᠲᠤ ᠡᠪᠡᠳᠴᠢᠨ ᠢ ᠰᠥᠭᠡᠷᠭᠦ ᠳᠠᠷᠤᠯᠲᠠ ᠪᠠᠷ ᠲᠤᠰᠠᠭᠠᠷᠯᠠᠬᠤ ᠡᠪᠡᠳᠴᠢᠲᠡᠨ ᠤ ᠥᠷᠥᠭᠡ ᠶᠢᠨ ᠡᠵᠡᠯᠡᠬᠦ ᠲᠠᠯᠠᠪᠠᠶ ᠨᠢ ᠪᠠᠷᠤᠭ  ᠪᠠᠶᠢᠵᠤ  1500㎡᠂ ᠰᠠᠯᠬᠢ ᠨᠡᠪᠲᠡᠷᠡᠭᠦᠯᠬᠦ ᠴᠡᠪᠡᠷᠰᠢᠭᠦᠯᠬᠦ ᠲᠥᠬᠦᠭᠡᠷᠦᠮᠵᠢ᠂ ᠰᠠᠯᠬᠢ ᠭᠠᠳᠠᠭᠰᠢᠯᠠᠭᠤᠯᠬᠤ ᠴᠡᠪᠡᠷᠰᠢᠭᠦᠯᠬᠦ ᠬᠤᠶᠠᠳᠤᠭᠠᠷ ᠢᠵᠢ ᠲᠥᠬᠦᠭᠡᠷᠦᠮᠵᠢ ᠶᠢ ᠬᠡᠷᠡᠭᠯᠡᠪᠡᠯ᠂ ᠱᠦᠭᠦᠵᠦ ᠴᠡᠪᠡᠷᠰᠢᠭᠦᠯᠬᠦ ᠦᠷ᠎ᠡ ᠪᠦᠲᠦᠮᠵᠢ ᠨᠢ 99 . 99 % ᠳᠤ ᠬᠦᠷᠴᠦ ᠪᠣᠯᠤᠨ᠎ᠠ᠃   ᠰᠥᠭᠡᠷᠭᠦ ᠳᠠᠷᠤᠯᠲᠠᠲᠤ ᠡᠪᠡᠳᠴᠢᠲᠡᠨ ᠤ ᠥᠷᠥᠭᠡ ᠭᠡᠳᠡᠭ ᠨᠢ ᠣᠨᠴᠠᠭᠠᠶ ᠲᠥᠬᠦᠭᠡᠷᠦᠮᠵᠢ ᠶᠢᠨ ᠳᠣᠣᠷ᠎ᠠ᠂ ᠡᠪᠡᠳᠴᠢᠲᠡᠨ ᠤ ᠥᠷᠥᠭᠡ ᠳᠠᠬᠢ ᠠᠭᠠᠷ ᠤᠨ ᠳᠠᠷᠤᠯᠲᠠ ᠨᠢ ᠡᠪᠡᠳᠴᠢᠲᠡᠨ ᠤ ᠥᠷᠥᠭᠡ ᠶᠢᠨ ᠭᠠᠳᠠᠨᠠᠬᠢ ᠠᠭᠠᠷ ᠤᠨ ᠳᠠᠷᠤᠯᠲᠠ ᠠᠴᠠ ᠳᠣᠣᠷ᠎ᠠ ᠪᠠᠶᠢᠬᠤ ᠶᠢ ᠵᠢᠭᠠᠵᠤ ᠪᠠᠶᠢᠨ᠎ᠠ᠃ ᠠᠭᠠᠷ ᠤᠨ ᠨᠡᠪᠲᠡᠷᠡᠯᠲᠡ ᠠᠴᠠ ᠠᠪᠴᠤ ᠬᠡᠯᠡᠪᠡᠯ᠂ ᠭᠠᠳᠠᠨᠠᠬᠢ ᠰᠢᠨ᠎ᠡ ᠰᠣᠷᠭᠤᠭ ᠠᠭᠠᠷ ᠡᠪᠡᠳᠴᠢᠲᠡᠨ ᠤ ᠥᠷᠥᠭᠡᠨ ᠳᠤ ᠤᠷᠤᠰᠤᠨ ᠣᠷᠣᠵᠤ ᠪᠣᠯᠤᠨ᠎ᠠ᠂ ᠭᠡᠪᠡᠴᠦ ᠡᠪᠡᠳᠴᠢᠲᠡᠨ ᠤ ᠥᠷᠥᠭᠡᠨ ᠳᠤ ᠪᠣᠬᠢᠷᠲᠤᠭᠰᠠᠨ ᠠᠭᠠᠷ ᠢ ᠵᠠᠳᠠᠷᠠᠭᠤᠯᠬᠤ ᠥᠬᠡᠶ᠂ ᠬᠠᠷᠢᠨ ᠲᠤᠰᠬᠠᠶ ᠨᠡᠪᠲᠡᠷᠡᠬᠦ ᠵᠠᠮ  ᠢᠶᠠᠷ ᠴᠠᠭ ᠲᠤᠬᠠᠶ ᠳᠤᠨᠢ ᠲᠣᠭᠲᠠᠮᠠᠯ ᠭᠠᠵᠠᠷ ᠲᠤ ᠭᠠᠳᠠᠭᠰᠢᠯᠠᠭᠤᠯᠤᠨ᠂ ᠡᠪᠡᠳᠴᠢᠲᠡᠨ ᠤ ᠥᠷᠥᠭᠡᠨ ᠤ ᠭᠠᠳᠠᠨᠠᠬᠢ ᠣᠷᠣᠨ ᠪᠦᠰᠡ ᠪᠣᠬᠢᠷᠲᠤᠬᠤ ᠥᠬᠡᠶ ᠪᠠᠶᠢᠵᠤ᠂ ᠡᠭᠦᠨ ᠤ ᠤᠯᠠᠮ ᠠᠴᠠ ᠡᠮᠨᠡᠯᠭᠡ ᠶᠢᠨ ᠠᠵᠢᠯᠲᠠᠨ ᠤ ᠶᠡᠭᠡ ᠬᠡᠮᠵᠢᠶ᠎ᠡ  ᠪᠠᠷ ᠬᠠᠯᠳᠠᠪᠤᠷᠢᠯᠠᠭᠳᠠᠬᠤ ᠲᠣᠬᠢᠶᠠᠯ ᠢ ᠪᠠᠭᠠᠰᠬᠠᠨ᠎ᠠ᠃    ᠮᠠᠨ ᠤ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠥᠭᠡᠷᠭᠦ ᠳᠠᠷᠤᠯᠲᠠᠲᠤ ᠲᠤᠰᠠᠭᠠᠷᠯᠠᠬᠤ ᠡᠪᠡᠳᠴᠢᠲᠡᠨ ᠤ ᠥᠷᠥᠭᠡ ᠶᠢᠨ ᠨᠢᠭᠡᠳᠦᠭᠡᠷ ᠳᠠᠪᠬᠤᠷᠭ᠎ᠠ ᠶᠢᠨ ᠭᠤᠤᠯ ᠴᠢᠳᠠᠮᠵᠢ ᠪᠣᠯ ᠬᠠᠯᠠᠭᠤᠷᠠᠬᠤ ᠡᠭᠦᠳᠡᠨ ᠡᠮᠨᠡᠯᠭᠡ ᠪᠣᠯᠤᠨ᠎ᠠ᠂ ᠬᠠᠯᠠᠭᠤᠷᠠᠭᠰᠠᠨ ᠡᠪᠡᠳᠴᠢᠲᠡᠨ ᠢ ᠪᠦᠬᠦᠨ ᠢ ᠭᠥᠯᠢᠶᠡᠨ ᠠᠪᠤᠨ᠎ᠠ᠃ CT ᠲᠠᠰᠤᠭ᠂ ᠰᠢᠯᠭᠠᠨ ᠪᠠᠶᠢᠴᠠᠭᠠᠬᠤ ᠰᠠᠯᠠᠭ᠎ᠠ᠂ ᠳ᠋ᠤᠭᠠᠷᠯᠠᠬᠤ ᠲᠠᠰᠤᠭ ᠭᠠᠷᠭᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠶᠠᠪᠤᠴᠠ ᠶᠢ ᠨᠢᠭᠡ ᠴᠣᠭᠴᠠᠵᠢᠭᠤᠯᠬᠤ ᠳᠤ ᠲᠥᠬᠦᠮ ᠦᠵᠡᠭᠦᠯᠵᠦ᠂ ᠣᠷᠣᠵᠤ ᠭᠠᠷᠬᠤ ᠬᠥᠮᠦᠰ ᠤᠨ ᠪᠣᠬᠢᠷᠲᠤᠯ ᠪᠠ ᠬᠠᠯᠳᠠᠪᠤᠷᠢᠯᠠᠯ ᠠᠴᠠ ᠵᠠᠶᠢᠯᠠᠰᠬᠢᠨ᠎ᠡ᠃ ᠬᠠᠯᠠᠭᠤᠷᠠᠭᠠᠳ ᠣᠨᠣᠰᠢᠯᠠᠭᠰᠠᠨ ᠦᠭᠡᠢ ᠡᠪᠡᠳᠴᠢᠲᠡᠨ ᠢ ᠨᠢᠭᠡᠳᠦᠭᠡᠷ ᠲᠠᠪᠬᠤᠷ ᠤᠨ ᠡᠮᠨᠡᠯᠭᠡ ᠳᠤ ᠦᠯᠡᠳᠡᠭᠡᠨ ᠠᠵᠢᠭᠯᠠᠵᠤ ᠡᠮᠨᠡᠨ ᠵᠠᠰᠠᠵᠤ ᠪᠣᠯᠤᠨ᠎ᠠ᠃ ᠬᠤᠶᠠᠳᠤᠭᠠᠷ ᠳᠠᠪᠬᠤᠷᠭ᠎ᠠ ᠨᠢ ᠪᠠᠷᠢᠮᠵᠢᠶᠠᠵᠢᠭᠰᠠᠨ ᠭᠤᠷᠪᠠᠨ ᠨᠡᠪᠲᠡᠷᠡᠬᠦ ᠵᠠᠮ ᠤᠨ ᠴᠤᠪᠤᠷᠠᠯ ᠪᠣᠯᠤᠨ᠎ᠠ᠂ ᠡᠭᠦᠨ ᠳᠤ ᠡᠪᠡᠳᠴᠢᠲᠡᠨ  ᠤ ᠨᠡᠪᠲᠡᠷᠡᠬᠦ ᠵᠠᠮ᠂ ᠡᠮᠴᠢ ᠰᠤᠪᠢᠯᠠᠭᠴᠢ ᠶᠢᠨ ᠠᠵᠢᠯ ᠤᠨ ᠲᠣᠭᠤᠷᠢᠭ ᠤᠨ ᠨᠡᠪᠲᠡᠷᠡᠬᠦ ᠵᠠᠮ ᠪᠠ ᠡᠮᠴᠢ ᠰᠤᠪᠢᠯᠠᠭᠴᠢ  ᠶᠢᠨ ᠠᠵᠢᠯ ᠳᠤ ᠭᠠᠷᠬᠤ ᠠᠵᠢᠯ ᠠᠴᠠ ᠪᠠᠭᠤᠬᠤ ᠨᠡᠪᠲᠡᠷᠡᠬᠦ ᠵᠠᠮ ᠪᠠᠭᠲᠠᠨ᠎ᠠ᠃ ᠬᠤᠶᠠᠳᠤᠭᠠᠷ ᠳᠠᠪᠬᠤᠷᠭ᠎ᠠ ᠳᠤ ᠴᠡᠪᠡᠷ ᠣᠷᠣᠨ᠂ ᠬᠠᠷᠢᠴᠠᠩᠭᠤᠶ ᠪᠣᠬᠢᠷᠲᠤᠯ ᠲᠠᠢ ᠣᠷᠣᠨ ᠵᠢᠴᠢ ᠪᠣᠬᠢᠷᠲᠤᠯ ᠲᠠᠢ ᠣᠷᠣᠨ ᠭᠡᠵᠦ ᠲᠣᠭᠲᠠᠭᠠᠵᠠᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠲᠡᠨ ᠪᠤᠶᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠵᠡᠷᠭᠡ ᠬᠠᠯᠳᠠᠪᠤᠷᠢᠲᠤ ᠴᠢᠨᠠᠷ ᠢᠶᠠᠷ ᠨᠡᠯᠢᠶᠡᠳ ᠴᠢᠩᠭ᠎ᠠ ᠠᠮᠢᠰᠬᠤᠯ ᠤᠨ ᠵᠠᠮ  ᠤᠨ ᠡᠪᠡᠳᠴᠢᠲᠡᠨ ᠢ ᠬᠤᠶᠠᠳᠤᠭᠠᠷ ᠳᠠᠪᠬᠤᠷᠯᠢᠭ ᠤᠨ ᠰᠥᠭᠡᠷᠭᠦ ᠳᠠᠷᠤᠯᠲᠠᠲᠤ ᠲᠤᠰᠠᠭᠠᠷᠯᠠᠬᠤ ᠡᠪᠡᠳᠴᠢᠲᠡᠨ ᠤ ᠥᠷᠥᠭᠡᠨ ᠳᠤ ᠰᠠᠯᠭᠠᠨ ᠵᠢᠷᠤᠮᠵᠢᠭᠤᠯᠤᠨ ᠡᠮᠨᠡᠨ᠎ᠡ᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠰᠥᠭᠡᠷᠭᠦ ᠳᠠᠷᠤᠯᠲᠠᠲᠤ ᠡᠪᠡᠳᠴᠢᠲᠡᠨ ᠤ ᠥᠷᠥᠭᠡ ᠨᠡᠶᠢᠲᠡ 6 ᠲᠠᠰᠤᠯᠭ᠎ᠠ᠂ ᠡᠪᠡᠳᠴᠢᠲᠡᠨ ᠤ ᠣᠷᠣ 14᠂ ᠡᠪᠡᠳᠴᠢᠲᠡᠨ ᠤ ᠲᠣᠭᠤᠷᠢᠭ ᠲᠤ ᠠᠮᠢᠰᠬᠤᠯ ᠤᠨ ᠮᠠᠰᠢᠨ 2᠂ CT ᠮᠠᠰᠢᠨ 1 ᠵᠢᠴᠢ ᠵᠢᠷᠦᠬᠡᠨ ᠤ ᠯᠤᠭᠰᠢᠯᠲᠠ ᠶᠢ ᠬᠢᠨᠠᠨ ᠬᠠᠮᠠᠭᠠᠯᠠᠬᠤ ᠬᠡᠮᠵᠢᠭᠦᠷᠯᠢᠭ ᠪᠠ ᠡᠯ᠎ᠡ ᠲᠥᠷᠥᠯ ᠤᠨ ᠠᠮᠢᠳᠤ ᠪᠣᠳᠠᠰ ᠤᠨ ᠬᠢᠮᠢ ᠶᠢᠨ ᠰᠢᠯᠭᠠᠨ ᠪᠠᠶᠢᠴᠠᠭᠠᠬᠤ ᠲᠥᠬᠦᠭᠡᠷᠦᠮᠵᠢ ᠪᠣᠶ᠃ ᠡᠪᠡᠳᠴᠢᠲᠡᠨ ᠤ ᠥᠷᠥᠭᠡ ᠨᠢᠭᠡᠪᠦᠷᠢ ᠳᠤ ᠴᠥᠮ ᠲᠤᠰᠬᠠᠶ ᠵᠤᠷᠯᠤᠩ ᠪᠣᠯᠤᠨ ᠵᠠᠪᠰᠠᠷ ᠤᠨ  ᠤᠷᠤᠨ ᠪᠠᠶᠢᠵᠤ᠂ ᠡᠪᠡᠳᠴᠢᠲᠡᠨ ᠤ ᠥᠷᠥᠭᠡ ᠪᠣᠯᠤᠨ ᠡᠮᠴᠢ ᠰᠤᠪᠢᠯᠠᠭᠴᠢ ᠶᠢᠨ ᠠᠵᠢᠯᠯᠠᠬᠤ ᠭᠠᠵᠠᠷ ᠤᠨ ᠬᠤᠭᠤᠷᠣᠨᠳᠣ ᠴᠥᠮ ᠳᠠᠮᠵᠢᠭᠤᠯᠬᠤ ᠴᠣᠩᠬᠤ᠂ ᠳᠠᠮᠵᠢᠭᠤᠯᠬᠤ ᠴᠣᠩᠬᠤᠨ ᠤ ᠠᠷᠢᠭᠤᠳᠬᠠᠬᠤ ᠲᠥᠬᠦᠭᠡᠷᠦᠮᠵᠢ ᠪᠠᠶᠢᠳᠠᠭ ᠪᠣᠯᠬᠤᠷ ᠳᠠᠮᠵᠢᠭᠤᠯᠬᠤ ᠶᠠᠪᠤᠴᠠ ᠳᠠᠬᠢ ᠪᠣᠬᠢᠷᠲᠤᠯ ᠠᠴᠠ ᠵᠠᠶᠢᠯᠠᠰᠬᠢᠵᠦ ᠪᠣᠯᠤᠨ᠎ᠠ᠃    ᠰᠥᠭᠡᠷᠭᠦ ᠡᠪᠡᠳᠴᠢᠲᠡᠨ ᠤ ᠥᠷᠥᠭᠡ ᠶᠢ ᠠᠰᠢᠭᠯᠠᠯᠲᠠ ᠳᠤ ᠣᠷᠣᠭᠤᠯᠬᠤ ᠨᠢ ᠪᠥᠬᠦ ᠬᠤᠲᠠ ᠶᠢᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠨᠠᠩ ᠰᠠᠶᠢᠲᠤᠷ ᠰᠡᠷᠭᠡᠶᠢᠯᠡᠨ ᠡᠵᠡᠮᠳᠡᠵᠦ᠂ ᠭᠡᠭᠡᠨ ᠭᠤᠤᠯ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠢ ᠡᠮᠨᠡᠭᠦᠯᠬᠦ  ᠳᠤ ᠨᠠᠩ ᠳᠥᠭᠦᠮ ᠳᠥᠲᠡ ᠪᠣᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢ ᠪᠦᠲᠦᠮᠵᠢᠲᠡᠶ ᠪᠠᠲᠤᠯᠠᠵᠤ ᠴᠢᠳᠠᠵᠠᠢ᠃ᠡᠬᠡ ᠪᠢᠴᠢᠭ ᠤᠨ ᠢᠷᠡᠯᠲᠡ᠄ ᠭᠡᠭᠡᠡ ᠭᠤᠣᠯ ᠬᠤᠳᠡ ᠶᠢᠨ ᠬᠠᠮ ᠵᠠᠭᠤᠴᠢᠯᠠᠭᠤᠷ ᠤᠨ ᠲᠥᠪᠵᠤᠬᠢᠶᠠᠭᠴᠢ᠄  ᠠᠢ ᠯᠢᠨ ᠨᠠ   ᠳ᠋ᠦ᠋ ᠭᠠᠩ
 
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号