ᠭᠡᠭᠡᠨ ᠭᠤᠣᠯ ᠬᠤᠲᠠ ᠶᠢᠨ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ  ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2021/3/2
  ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠭᠡᠭᠡᠨ ᠭᠤᠤᠯ ᠬᠤᠲᠠ ᠠᠯᠢ ᠣᠯᠠᠨ ᠠᠮᠢ ᠠᠬᠤᠶ ᠶᠢᠨ ᠣᠷᠴᠢᠨ ᠲᠣᠭᠤᠷᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠭᠡᠭᠡᠨ ᠭᠤᠤᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ 138 ᠲᠦᠮᠡᠨ ᠲᠥᠭᠦᠷᠢᠭ ᠤᠨ ᠪᠠᠯᠠ ᠣᠷᠣᠭᠤᠯᠵᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠬᠤᠳᠠᠯᠳᠤᠨ ᠠᠪᠴᠤ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠰᠢᠰᠲ᠋ᠧᠮ ᠢ ᠥᠭᠡᠷᠡᠴᠢᠯᠡᠵᠦ᠂ ᠪᠣᠬᠢᠷ ᠤᠰᠤ ᠶᠢ ᠰᠢᠶᠳᠪᠦᠷᠢᠯᠡᠭᠰᠡᠨ  ᠤ ᠳᠠᠷᠠᠭ᠎ᠠ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠳᠤ ᠭᠠᠳᠠᠭᠰᠢᠯᠠᠭᠤᠯᠵᠤ᠂ ᠡᠮᠴᠢᠯᠡᠭᠡᠨ ᠤ ᠪᠣᠬᠢᠷ ᠤᠰᠤᠨ ᠤ ᠭᠠᠳᠠᠭᠰᠢᠯᠠᠯᠲᠠ ᠶᠢ ᠪᠦᠲᠦᠮᠵᠢᠲᠡᠶ ᠬᠢᠵᠠᠭᠠᠷᠯᠠᠨ ᠬᠠᠮᠢᠶᠠᠷᠪᠠ᠂ ᠭᠡᠭᠡᠡ ᠭᠤᠣᠯ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠹᠣᠰᠹᠣᠷ ᠠᠽᠣᠲ ᠢ ᠠᠷᠢᠯᠭᠠᠬᠤ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠭᠡᠭᠡᠡ ᠭᠤᠣᠯ ᠬᠤᠲᠠ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠵᠠᠢ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠭᠠᠵᠠᠷ ᠳᠡᠭᠡᠷᠡᠬᠢ ᠤᠰᠤᠨ ᠤ ᠪᠣᠬᠢᠷᠲᠤᠯ ᠤᠨ ᠪᠠᠶᠢᠳᠠᠯ ᠢ ᠰᠠᠶᠢᠵᠢᠷᠠᠭᠤᠯᠵᠤ᠂ ᠬᠤᠲᠠ ᠶᠢᠨ ᠳᠤᠮᠳᠠᠬᠢ ᠤᠰᠤ ᠶᠢ ᠶᠡᠷᠦᠩᠬᠡᠶᠢᠯᠡᠨ ᠠᠰᠢᠭᠯᠠᠭᠰᠠᠨ ᠪᠠᠶᠢᠨ᠎ᠠ᠂ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ ᠠᠮᠢ ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠲᠤᠰᠬᠠᠶ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠣᠯᠵᠤ ᠂ ᠭᠡᠭᠡᠨ ᠭᠤᠤᠯ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠤᠷᠤᠭᠰᠢᠲᠠᠶ ᠶᠠᠪᠤᠭᠳᠠᠬᠤ ᠶᠢ ᠬᠦᠴᠦᠲᠡᠶ ᠪᠠᠳᠤᠯᠠᠵᠠᠢ᠃ 2020 ᠣᠨ ᠳᠤ᠂ ᠭᠡᠭᠡᠡ ᠭᠤᠣᠯ ᠬᠤᠲᠠ ᠠᠮᠢ ᠠᠬᠤᠢ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠲᠤᠰᠬᠠᠢ ᠪᠡᠯᠡ ᠮᠥᠩᠭᠦ ᠶᠢ ᠨᠡᠶᠢᠲᠡ 3982 ᠲᠦᠮᠡᠨ ᠲᠥᠭᠦᠷᠢᠭ ᠭᠤᠶᠤᠴᠢᠯᠠᠵᠠᠢ᠃    ᠡᠭᠦᠨ ᠠᠴᠠ ᠭᠠᠳᠠᠨ᠎ᠠ᠂ ᠭᠡᠭᠡᠨ ᠭᠤᠤᠯ ᠬᠤᠲᠠ ᠠᠴᠠ ᠰᠢᠶᠠᠩ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠪᠠᠭᠤᠷᠠᠶ ᠪᠠᠶᠢᠬᠤ ᠠᠰᠠᠭᠤᠳᠠᠯ ᠢ ᠨᠠᠩ ᠰᠠᠶᠢᠲᠤᠷ ᠰᠢᠶᠳᠪᠦᠷᠢᠯᠡᠬᠦ ᠶᠢᠨ ᠲᠥᠯᠥᠭᠡ᠂ 《 ᠭᠡᠭᠡᠨ ᠭᠤᠤᠯ ᠬᠤᠲᠠ ᠶᠢᠨ ᠬᠤᠲᠠ ᠪᠠᠯᠭᠠᠰᠤ ( ᠬᠥᠳᠡᠭᠡ ᠲᠣᠰᠬᠤᠨ ) ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠤᠰᠬᠠᠶ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ 2020 ᠣᠨ ᠤ ᠬᠥᠯᠥᠨ ᠪᠣᠶᠢᠷ ᠬᠤᠲᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 3198 ᠲᠦᠮᠡᠨ ᠲᠥᠭᠦᠷᠢᠭ ᠭᠤᠶᠤᠴᠢᠯᠠᠨ ᠣᠯᠵᠤ᠂ ᠠᠯᠦ᠋ᠩᠱᠠᠨ ᠪᠠᠯᠭᠠᠰᠤ᠂ ᠶᠢᠨ ᠾᠧ ᠪᠠᠯᠭᠠᠰᠤ᠂ ᠳ᠋ᠧᠯᠪᠤᠷ ᠪᠠᠯᠭᠠᠰᠤ᠂ ᠮᠠᠨᠬᠦ᠋ᠢ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠡᠷᠡᠭᠯᠡᠵᠦ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠠᠰᠠᠭᠤᠳᠠᠯ ᠢ ᠨᠠᠩ ᠰᠠᠶᠢᠲᠤᠷ ᠰᠡᠷᠭᠡᠶᠢᠯᠡᠨ ᠬᠢᠵᠠᠭᠠᠷᠯᠠᠵᠤ᠂ ᠠᠷᠠᠳ ᠲᠦᠮᠡᠨ ᠤ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠪᠠ᠃ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号