ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ | ᠲᠥᠯᠥᠭᠡ᠂ ᠭᠡᠭᠡᠨ ᠭᠤᠤᠯ ᠬᠤᠲᠠ ᠠᠯᠢ ᠣᠯᠠᠨ ᠠᠮᠢ ᠠᠬᠤᠶ ᠶᠢᠨ ᠣᠷᠴᠢᠨ ᠲᠣᠭᠤᠷᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ | ᠭᠡᠭᠡᠨ ᠭᠤᠤᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ 138 ᠲᠦᠮᠡᠨ ᠲᠥᠭᠦᠷᠢᠭ ᠤᠨ ᠪᠠᠯᠠ ᠣᠷᠣᠭᠤᠯᠵᠤ | ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠬᠤᠳᠠᠯᠳᠤᠨ ᠠᠪᠴᠤ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠰᠢᠰᠲ᠋ᠧᠮ ᠢ ᠥᠭᠡᠷᠡᠴᠢᠯᠡᠵᠦ᠂ ᠪᠣᠬᠢᠷ ᠤᠰᠤ | ᠶᠢ ᠰᠢᠶᠳᠪᠦᠷᠢᠯᠡᠭᠰᠡᠨ ᠤ ᠳᠠᠷᠠᠭ᠎ᠠ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠳᠤ ᠭᠠᠳᠠᠭᠰᠢᠯᠠᠭᠤᠯᠵᠤ᠂ ᠡᠮᠴᠢᠯᠡᠭᠡᠨ ᠤ ᠪᠣᠬᠢᠷ ᠤᠰᠤᠨ ᠤ ᠭᠠᠳᠠᠭᠰᠢᠯᠠᠯᠲᠠ ᠶᠢ | ᠪᠦᠲᠦᠮᠵᠢᠲᠡᠶ ᠬᠢᠵᠠᠭᠠᠷᠯᠠᠨ ᠬᠠᠮᠢᠶᠠᠷᠪᠠ᠂ ᠭᠡᠭᠡᠡ ᠭᠤᠣᠯ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠹᠣᠰᠹᠣᠷ ᠠᠽᠣᠲ ᠢ ᠠᠷᠢᠯᠭᠠᠬᠤ ᠡᠨᠧᠷᠭᠢ | ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠭᠡᠭᠡᠡ ᠭᠤᠣᠯ ᠬᠤᠲᠠ ᠶᠢᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ | ᠪᠠᠭᠠᠰᠬᠠᠵᠠᠢ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ | ᠶᠢᠨ ᠭᠠᠵᠠᠷ ᠳᠡᠭᠡᠷᠡᠬᠢ ᠤᠰᠤᠨ ᠤ ᠪᠣᠬᠢᠷᠲᠤᠯ ᠤᠨ ᠪᠠᠶᠢᠳᠠᠯ ᠢ ᠰᠠᠶᠢᠵᠢᠷᠠᠭᠤᠯᠵᠤ᠂ ᠬᠤᠲᠠ ᠶᠢᠨ ᠳᠤᠮᠳᠠᠬᠢ ᠤᠰᠤ ᠶᠢ ᠶᠡᠷᠦᠩᠬᠡᠶᠢᠯᠡᠨ ᠠᠰᠢᠭᠯᠠᠭᠰᠠᠨ ᠪᠠᠶᠢᠨ᠎ᠠ᠂ | ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ ᠠᠮᠢ | ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠲᠤᠰᠬᠠᠶ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠣᠯᠵᠤ᠂ ᠭᠡᠭᠡᠨ ᠭᠤᠤᠯ ᠬᠤᠲᠠ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ | ᠲᠥᠷᠥᠯ ᠵᠦᠶᠯ ᠤᠨ ᠤᠷᠤᠭᠰᠢᠲᠠᠶ ᠶᠠᠪᠤᠭᠳᠠᠬᠤ ᠶᠢ ᠬᠦᠴᠦᠲᠡᠶ ᠪᠠᠳᠤᠯᠠᠵᠠᠢ᠃ 2020 ᠣᠨ ᠳᠤ᠂ ᠭᠡᠭᠡᠡ ᠭᠤᠣᠯ ᠬᠤᠲᠠ ᠠᠮᠢ ᠠᠬᠤᠢ ᠣᠷᠴᠢᠨ ᠲᠣᠭᠤᠷᠢᠨ ᠤ | ᠪᠣᠬᠢᠷᠲᠤᠯ ᠢ ᠵᠠᠰᠠᠬᠤ ᠲᠤᠰᠬᠠᠢ ᠪᠡᠯᠡ ᠮᠥᠩᠭᠦ ᠶᠢ ᠨᠡᠶᠢᠲᠡ 3982 ᠲᠦᠮᠡᠨ ᠲᠥᠭᠦᠷᠢᠭ ᠭᠤᠶᠤᠴᠢᠯᠠᠵᠠᠢ᠃ | ᠡᠭᠦᠨ ᠠᠴᠠ ᠭᠠᠳᠠᠨ᠎ᠠ᠂ ᠭᠡᠭᠡᠨ ᠭᠤᠤᠯ ᠬᠤᠲᠠ ᠠᠴᠠ ᠰᠢᠶᠠᠩ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠪᠠᠭᠤᠷᠠᠶ ᠪᠠᠶᠢᠬᠤ ᠠᠰᠠᠭᠤᠳᠠᠯ ᠢ | ᠨᠠᠩ ᠰᠠᠶᠢᠲᠤᠷ ᠰᠢᠶᠳᠪᠦᠷᠢᠯᠡᠬᠦ ᠶᠢᠨ ᠲᠥᠯᠥᠭᠡ᠂ 《 ᠭᠡᠭᠡᠨ ᠭᠤᠤᠯ ᠬᠤᠲᠠ ᠶᠢᠨ ᠬᠤᠲᠠ ᠪᠠᠯᠭᠠᠰᠤ ( ᠬᠥᠳᠡᠭᠡ ᠲᠣᠰᠬᠤᠨ ) ᠶᠢᠨ ᠠᠮᠢᠳᠤᠷᠠᠯ ᠤᠨ ᠪᠣᠬᠢᠷ ᠤᠰᠤ | ᠶᠢ ᠵᠠᠰᠠᠬᠤ ᠲᠤᠰᠬᠠᠶ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ 2020 ᠣᠨ ᠤ ᠬᠥᠯᠥᠨ ᠪᠣᠶᠢᠷ ᠬᠤᠲᠠ ᠶᠢᠨ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 3198 ᠲᠦᠮᠡᠨ ᠲᠥᠭᠦᠷᠢᠭ ᠭᠤᠶᠤᠴᠢᠯᠠᠨ ᠣᠯᠵᠤ᠂ ᠠᠯᠦ᠋ᠩᠱᠠᠨ ᠪᠠᠯᠭᠠᠰᠤ᠂ ᠶᠢᠨ ᠾᠧ | ᠪᠠᠯᠭᠠᠰᠤ᠂ ᠳ᠋ᠧᠯᠪᠤᠷ ᠪᠠᠯᠭᠠᠰᠤ᠂ ᠮᠠᠨᠬᠦ᠋ᠢ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠡᠷᠡᠭᠯᠡᠵᠦ | ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠠᠰᠠᠭᠤᠳᠠᠯ ᠢ ᠨᠠᠩ ᠰᠠᠶᠢᠲᠤᠷ ᠰᠡᠷᠭᠡᠶᠢᠯᠡᠨ ᠬᠢᠵᠠᠭᠠᠷᠯᠠᠵᠤ᠂ ᠠᠷᠠᠳ ᠲᠦᠮᠡᠨ ᠤ ᠤᠰᠤ ᠬᠡᠷᠡᠭᠯᠡᠬᠦ ᠠᠮᠤᠷ | ᠲᠦᠪᠰᠢᠨ ᠢ ᠪᠠᠲᠤᠯᠠᠪᠠ᠃ | ᠡᠬᠡ ᠪᠢᠴᠢᠭ ᠤᠨ ᠢᠷᠡᠯᠲᠡ᠄ ᠭᠡᠭᠡᠨ ᠭᠤᠤᠯ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ |