ᠭᠡᠭᠡᠨ ᠭᠤᠣᠯ ᠬᠤᠲᠠ ᠠᠴᠠ ᠪᠦᠬᠦ ᠬᠤᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠤᠨ ᠳᠤᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/23
  3 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠡ ᠶᠢᠨ ᠱᠦᠵᠢ ᠰᠦᠨ ᠰᠢᠶᠤᠤ ᠯᠢᠶᠠᠩ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠤᠶᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠤᠶᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠵᠤ ᠂ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠬᠤᠲᠡ ᠶᠢᠨ ᠳᠠᠷᠤᠭ᠎ᠠ ᠭᠧᠩ ᠬᠤᠤ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃        ᠰᠦᠨ ᠰᠢᠶᠤᠤ ᠯᠢᠶᠠᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠲᠥᠷᠥᠯ ᠵᠦᠢᠯ ᠢ ᠰᠠᠶᠢᠲᠤᠷ ᠲᠥᠯᠥᠪᠯᠡᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠤᠷᠢᠳᠴᠢᠯᠠᠨ ᠰᠤᠳᠤᠯᠵᠤ᠂ ᠬᠦᠴᠢᠷ ᠪᠡᠷᠬᠡᠰᠢᠶᠡᠯ ᠲᠠᠢ ᠠᠰᠠᠭᠤᠳᠠᠯ ᠪᠠ ᠬᠢᠵᠠᠭᠠᠷᠯᠠᠬᠤ ᠨᠥᠬᠦᠴᠡᠯ ᠢ ᠢᠯᠠᠨ ᠳᠠᠪᠠᠵᠤ᠂ ᠠᠷᠠᠳ ᠤᠨ ᠠᠮᠢᠳᠤᠷᠠᠯ᠂ ᠨᠡᠶᠢᠭᠡᠮ ᠤᠨ ᠦᠢᠯᠡᠰ᠂ ᠬᠤᠲᠠ ᠶᠢᠨ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠥᠭᠵᠢᠯᠲᠡ ᠵᠡᠷᠭᠡ ᠨᠢᠭᠡ ᠪᠦᠯᠦᠭ ᠪᠣᠯᠪᠠᠰᠤᠷᠠᠩᠭᠤᠶ ᠪᠣᠯᠤᠭᠰᠠᠨ ᠲᠥᠷᠥᠯ ᠵᠦᠢᠯ ᠢ ᠬᠠᠨᠳᠤᠯᠭᠠᠲᠤ ᠴᠢᠨᠠᠷᠲᠠᠶ ᠪᠠᠷ ᠰᠤᠳᠤᠯᠵᠤ᠂ ᠲᠥᠷᠥᠯ ᠵᠤᠶᠢᠯ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠵᠠᠳᠠᠯᠵᠤ᠂ ᠲᠥᠷᠥᠯ ᠵᠤᠶᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠨ᠂ ᠲᠥᠷᠥᠯ ᠵᠤᠶᠢᠯ ᠤᠳ ᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠤᠶᠢᠯᠡᠳᠪᠤᠷᠢᠯᠡᠯ ᠠᠮᠢᠳᠤᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠳᠡᠭᠡᠳᠦ ᠱᠠᠲᠤᠨ ᠤ ᠪᠡᠯᠡ ᠮᠥᠩᠭᠦ ᠶᠢ ᠤᠯᠬᠤ ᠪᠠᠷ ᠴᠢᠷᠮᠠᠶᠢᠵᠤ᠂ ᠡᠯ᠎ᠡ ᠹᠷᠣᠨᠲ᠂ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠠᠵᠢᠯᠯᠠᠨ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠡᠭᠡᠳᠦ ᠱᠠᠲᠤᠨ ᠠᠴᠠ ᠪᠡᠯᠡ ᠮᠥᠩᠭᠦ ᠤᠯᠬᠤ ᠠᠵᠢᠯ ᠤᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠪᠦᠬᠦ ᠬᠤᠳᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠡᠯᠡ ᠮᠥᠩᠭᠦᠨ ᠤ ᠳᠡᠮᠵᠢᠯᠭᠡ ᠬᠠᠩᠭᠠᠬᠤ ᠬᠡᠷᠡᠭᠲᠡᠢ᠃ ᠲᠣᠭᠲᠠᠭᠰᠠᠨ ᠬᠤᠭᠤᠴᠠᠭ᠎ᠠ ᠲᠠᠢ ᠪᠠᠷ ᠴᠢᠷᠮᠠᠶᠢᠨ ᠲᠡᠮᠡᠴᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠴᠢᠷᠮᠠᠶᠢᠨ ᠲᠡᠮᠡᠴᠡᠨ ᠮᠡᠳᠡᠭᠦᠯᠦᠨ ᠳᠠᠩᠰᠠᠯᠠᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠳᠡᠭᠡᠳᠦ ᠱᠠᠳᠤ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠬᠤ ᠶᠢ ᠠᠬᠢᠭᠤᠯᠵᠤ᠂ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠭᠢ ᠶᠢ ᠡᠵᠡᠮᠰᠢᠵᠦ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠭᠡᠭᠡᠨ ᠭᠤᠣᠯ ᠬᠤᠳᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠭᠡᠪᠡ᠃      ᠭᠤᠷᠪᠠᠨ ᠵᠤᠷᠪᠤᠰ ᠥᠯᠥ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠲᠥᠷᠥᠯ ᠵᠤᠶᠢᠯ ᠢ ᠲᠥᠯᠥᠪᠯᠡᠵᠦ ᠪᠥᠲᠥᠭᠡᠨ ᠪᠠᠶᠢᠭᠤᠯᠬᠤ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠲᠥᠷᠥᠯ ᠵᠤᠶᠢᠯ ᠢ ᠥᠯᠥ ᠬᠡᠷᠡᠭᠵᠢᠭᠦᠯᠬᠦ᠂ ᠭᠠᠷᠳᠠᠮ ᠪᠦᠷᠢᠨ ᠪᠤᠰᠤ ᠲᠥᠷᠥᠯ ᠵᠤᠶᠢᠯ ᠢ ᠥᠯᠥ ᠬᠡᠷᠡᠭᠵᠢᠭᠦᠯᠬᠦ᠂ ᠪᠠᠯᠠ ᠮᠥᠩᠭᠦᠨ ᠤ ᠢᠷᠡᠯᠲᠡ ᠥᠬᠡᠶ ᠲᠥᠷᠥᠯ ᠵᠤᠶᠢᠯ ᠢ ᠥᠯᠥ ᠬᠡᠷᠡᠭᠵᠢᠭᠦᠯᠬᠦ ᠪᠥᠭᠡᠳ ᠲᠤᠰᠬᠠᠶ ᠪᠠᠯᠠ ᠮᠥᠩᠭᠦ ᠶᠢ ᠨᠡᠭᠦᠯᠭᠡᠨ ᠬᠡᠷᠡᠭᠯᠡᠵᠦ ᠶᠠᠭᠠᠬᠢᠭᠰᠠᠨ ᠴᠤ ᠪᠣᠯᠬᠤ ᠥᠬᠡᠶ᠂ ᠪᠥᠬᠦ ᠬᠤᠲᠠ ᠶᠢᠨ ᠡᠯ᠎ᠡ ᠲᠥᠷᠥᠯ ᠤᠨ ᠲᠥᠷᠥᠯ ᠵᠤᠶᠢᠯ ᠢ ᠲᠥᠯᠥᠪᠯᠡᠵᠦ ᠪᠥᠲᠥᠭᠡᠨ ᠪᠠᠶᠢᠭᠤᠯᠬᠤ ᠳᠤ ᠬᠠᠤᠯᠢ ᠲᠣᠭᠲᠠᠭᠠᠯ ᠳᠤ ᠨᠡᠶᠢᠴᠡᠭᠰᠡᠨ᠂ ᠱᠠᠭᠠᠷᠳᠠᠯᠭ᠎ᠠ ᠳᠤ ᠨᠡᠶᠢᠴᠡᠭᠰᠡᠨ ᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠬᠦ ᠬᠡᠷᠡᠭᠲᠡᠶ᠂ ᠡᠯ᠎ᠡ ᠱᠠᠲᠤᠨ ᠤ ᠺᠠᠳ᠋ᠷᠴᠤᠳ ᠬᠠᠤᠯᠢ ᠲᠣᠭᠲᠠᠭᠠᠯ ᠶᠣᠰᠣᠭᠠᠷ ᠠᠷᠢᠭᠤᠨ ᠴᠢᠭᠡᠴᠢ ᠪᠠᠶᠢᠵᠤ᠂ ᠰᠢᠨᠤᠯ ᠪᠤᠳᠤᠯ᠂ ᠡᠷᠬᠡ ᠶᠢᠨ ᠦᠵᠡᠯᠲᠡ ᠪᠠᠨ ᠰᠠᠶᠢᠲᠤᠷ ᠡᠵᠡᠮᠳᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠡᠶᠡᠯᠰᠡᠭ ᠬᠠᠷᠢᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠭᠡᠭᠡᠨ ᠭᠤᠤᠯ ᠬᠤᠲᠠ ᠶᠢᠨ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠭᠡᠵᠡᠶ᠃ ᠡᠬᠡ ᠪᠢᠴᠢᠭ ᠤᠨ ᠢᠷᠡᠯᠲᠡ᠄ ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪᠵᠤᠬᠢᠶᠠᠭᠴᠢ᠄  ᠰᠢᠶᠧ ᠵᠢᠶᠠ   ᠯᠢᠦ ᠭᠤᠸᠠᠩ ᠴᠧᠩ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号