ᠤᠯᠭᠤᠶᠠ ᠡᠸᠠᠩᠬᠢ ᠦᠨᠳᠤᠰᠤᠳᠠᠨ ᠤ ᠰᠢᠶᠠᠩ ᠠᠶᠤᠯᠭᠦᠶ ᠤᠶᠢᠯᠡᠳᠪᠤᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/3/25
 ᠬᠠᠷᠢᠶᠠᠲᠤ ᠣᠷᠣᠨ ᠤ ᠠᠶᠤᠯᠭᠦᠶ ᠤᠶᠢᠯᠡᠳᠪᠤᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠤᠯᠭᠤᠶᠠ ᠡᠸᠠᠩᠬᠢ ᠦᠨᠳᠤᠰᠤᠳᠠᠨ ᠤ ᠰᠢᠶᠠᠩ ᠠᠶᠤᠯᠭᠦᠶ ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠰᠢᠶᠠᠩ ᠤᠨ ᠳᠣᠲᠣᠷᠠᠬᠢ ᠲᠣᠰᠣ ᠨᠡᠮᠡᠬᠦ ᠥᠷᠲᠡᠭᠡ᠂ ᠰᠢᠩᠭᠡᠨᠵᠢᠮᠡᠯ ᠴᠢᠯᠠᠭᠤᠨ ᠲᠣᠰᠣᠨ ᠤ ᠬᠡᠶ ᠨᠥᠭᠡᠴᠡᠯᠡᠬᠦ ᠥᠷᠲᠡᠭᠡ᠂ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ᠂ ᠣᠶ ᠰᠢᠭᠤᠶ ᠶᠢᠨ ᠡᠬᠢ ᠰᠤᠷᠪᠤᠯᠵᠢ ᠵᠡᠷᠭᠡ ᠲᠠᠯᠠᠪᠤᠷ ᠲᠤ ᠠᠶᠤᠯᠭᠦᠶ ᠤᠶᠢᠯᠡᠳᠪᠤᠷᠢᠯᠡᠯ ᠪᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠪᠠ᠃        ᠠᠵᠢᠯᠲᠠᠳ ᠪᠠᠶᠢᠴᠠᠭᠠᠭᠳᠠᠬᠤ ᠨᠢᠭᠡᠴᠡ ᠶᠢᠨ ᠠᠶᠤᠯᠬᠦᠢ ᠤᠶᠢᠯᠡᠳᠪᠤᠷᠢᠯᠡᠯ ᠂ ᠲᠦᠭᠰᠢᠭᠦᠷᠢ ᠤᠷᠤᠰᠢᠬᠤ ᠮᠠᠭᠠᠳ ᠭᠤᠭᠴᠤᠭ᠎ᠠ ᠵᠡᠷᠭᠡ ᠠᠭᠤᠯᠭ᠎ᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠶᠤᠯᠬᠦᠢ ᠤᠶᠢᠯᠡᠳᠪᠤᠷᠢᠯᠡᠯ ᠤᠨ ᠬᠠᠮᠢᠶᠠᠷᠤᠯᠲᠠ ᠶᠢᠨ ᠲᠦᠷᠢᠮ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠠᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠡᠬᠡ ᠪᠢᠴᠢᠭ ᠤᠨ ᠢᠷᠡᠯᠲᠡ᠄ ᠤᠯᠭᠤᠶᠠ ᠡᠸᠠᠩᠬᠢ ᠦᠨᠳᠤᠰᠤᠳᠠᠨ ᠤ ᠰᠢᠶᠠᠩᠵᠤᠬᠢᠶᠠᠭᠴᠢ᠄ ᠲᠥᠩ ᠰᠢᠤᠸᠠᠢ ᠵᠢᠶᠣᠣ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号