ᠮᠠᠨᠬᠦ᠋ᠶ ᠪᠠᠯᠭᠠᠰᠤᠨ ᠤ ᠵᠠᠰᠠᠭ ᠤᠨ ᠣᠷᠳᠣᠨ ᠲᠠᠷᠬᠠᠨ ᠰᠠᠭᠤᠵᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠣᠷᠣᠯᠭ᠎ᠠ ᠪᠠᠭᠠᠲᠠᠶ ᠬᠥᠮᠦᠰ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/3/25
 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠤᠭᠴᠠ ᠶᠢᠨ ᠤᠬᠠᠮᠰᠠᠷ ᠢ ᠪᠠᠲᠤ ᠪᠠᠬᠢ ᠪᠣᠶ ᠪᠤᠯᠭᠠᠨ ᠳᠡᠭᠡᠭᠰᠢᠯᠡᠭᠦᠯᠬᠦ ᠶᠢᠨ ᠲᠥᠯᠥᠭᠡ᠂ 2021 ᠣᠨ ᠤ 3 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠮᠠᠨᠬᠦ᠋ᠢ ᠪᠠᠯᠭᠠᠰᠤ ᠴᠥᠭᠡᠨ ᠲᠣᠭᠠᠲᠤ ᠦᠨᠳᠦᠰᠦᠲᠡᠨ ᠤ ᠣᠷᠣᠯᠭ᠎ᠠ ᠪᠠᠭᠠᠲᠠᠶ ᠬᠥᠮᠦᠰ ᠤᠨ ᠬᠡᠷ ᠲᠤ ᠬᠦᠷᠴᠦ ᠲᠣᠬᠤᠨᠢᠭᠤᠯᠪᠠ᠃   ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠵᠦ᠂ ᠡᠭᠦᠨ ᠤ ᠬᠠᠮᠲᠤ ᠲᠡᠳᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ᠂ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠭᠦᠨᠵᠡᠭᠡᠶ ᠣᠶᠢᠯᠠᠭᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠣᠶᠢᠯᠠᠭᠠᠭᠳᠠᠬᠤᠨ ᠤ ᠲᠤᠬᠠᠶ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠪᠠ᠃ ᠡᠬᠡ ᠪᠢᠴᠢᠭ ᠤᠨ ᠢᠷᠡᠯᠲᠡ᠄ ᠮᠠᠨᠬᠦ᠋ᠢ ᠪᠠᠯᠭᠠᠰᠤ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号