ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2021 ᠣᠨ ᠤ ᠭᠤᠤᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/26
 3 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 2021 ᠣᠨ ᠤ ᠭᠤᠤᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠡᠷᠡᠭ ᠡᠷᠬᠢᠯᠡᠬᠦ ᠭᠠᠵᠠᠷ ᠤᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ᠂ ᠬᠠᠷᠢᠶ᠎ᠠ ᠣᠷᠣᠨ ᠤ ᠡᠯ᠎ᠡ ᠨᠢᠭᠡᠴᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠨᠡᠶᠢᠭᠡᠮ ᠲᠣᠭᠤᠷᠢᠭ ᠤᠨ ᠠᠵᠢᠯᠲᠠᠳ ᠬᠤᠷᠠᠯ ᠳᠤ ᠣᠷᠣᠯᠴᠠᠪᠠ᠃   ᠬᠤᠷᠠᠯ ᠠᠴᠠ 2020 ᠣᠨ ᠤ ᠬᠡᠷᠡᠭ ᠡᠷᠬᠢᠯᠡᠬᠦ ᠭᠠᠵᠠᠷ ᠤᠨ ᠠᠵᠢᠯ ᠢ ᠲᠣᠪᠴᠢ ᠡᠷᠭᠢᠴᠡᠭᠦᠯᠵᠦ᠂ 2021 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠬᠠᠷᠢᠶ᠎ᠠ ᠣᠷᠣᠨ ᠤ ᠡᠯ᠎ᠡ ᠨᠢᠭᠡᠴᠡ᠂ ᠶᠧᠦ ᠢ ᠰᠠᠭᠤᠭᠠᠯᠢ ᠠᠷᠠᠳ ᠤᠨ ᠵᠥᠪᠯᠡᠯ ᠲᠠᠢ ︽2021 ᠣᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ︾ ᠪᠣᠯᠤᠨ ︽2021 ᠣᠨ ᠤ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠠᠢ᠃    ᠬᠤᠷᠠᠯ ᠠᠴᠠ 2021 ᠣᠨ ᠤ ᠭᠤᠤᠯᠳᠠᠯᠭ᠎ᠠ ᠲᠠᠢ ᠠᠵᠢᠯ ᠢ ᠴᠢᠬᠤᠯᠠᠴᠢᠯᠠᠵᠠᠶ᠄ ᠨᠢᠭᠡ ᠳᠤ ︽ᠵᠢᠷᠭᠤᠭ᠎ᠠ ᠶᠢ ᠲᠣᠭᠲᠠᠭᠤᠨ ᠪᠠᠶᠢᠯᠭᠠᠵᠤ ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠲᠠᠯ ᠳᠣᠤᠷ᠎ᠠ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠴᠢᠷᠮᠠᠶᠢᠨ ᠲᠡᠪᠴᠢᠬᠦ ᠬᠡᠷᠡᠭᠲᠡᠶ᠃ ᠬᠤᠶᠠᠷ ᠲᠤ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠭᠡᠮ ᠰᠣᠭᠤᠭ ᠢ ᠠᠷᠢᠯᠭᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠪᠠ ᠬᠤᠳᠠ ᠪᠠᠯᠭᠠᠰᠤᠨ ᠤ ᠭᠠᠯ ᠢ ᠰᠡᠷᠭᠡᠶᠢᠯᠡᠬᠦ ᠠᠵᠢᠯ ᠢ ᠬᠢᠨᠠᠮᠠᠭᠠᠶ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠢᠴᠢ ᠵᠥᠷᠢᠴᠡᠯ ᠢ ᠪᠠᠶᠢᠴᠠᠭᠠᠨ ᠰᠢᠢᠳᠪᠤᠷᠢᠯᠡᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠦᠨᠡᠨᠬᠦ ᠪᠠᠳᠤᠯᠠᠨ᠎ᠠ᠂ ᠳᠥᠷᠪᠡ ᠳᠤ ᠬᠤᠲᠠ ᠶᠢᠨ ᠨᠠᠮ ᠤᠨ ᠬᠤᠷᠢᠶ᠎ᠡ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠬᠤᠷᠠᠯ ᠠᠴᠠ ᠱᠠᠭᠠᠷᠳᠠᠭᠰᠠᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠳᠤ ᠴᠢᠭᠯᠡᠭᠦᠯᠦᠨ᠂ ᠪᠠᠶᠢᠭᠤᠯᠭ᠎ᠠ ᠨᠢᠭᠡᠴᠢ ᠠᠴᠠ ᠡᠬᠢᠯᠡᠨ ᠠᠳᠬᠤᠵᠤ᠂ ᠬᠠᠷᠢᠶ᠎ᠠ ᠣᠷᠣᠨ ᠤ ᠠᠵᠤ ᠠᠬᠤᠶᠢᠯᠠᠯ ᠴᠤ ᠬᠤᠳᠠ ᠶᠢᠨ ᠨᠠᠮ ᠤᠨ ᠬᠤᠷᠢᠶ᠎ᠡ ᠶᠢᠨ ᠬᠤᠷᠠᠯ ᠤᠨ ᠵᠣᠷᠢᠭ ᠰᠠᠨᠠᠭ᠎ᠠ ᠶᠢ ᠴᠤᠤᠷᠢᠶᠠᠲᠤᠨ ᠳᠠᠭᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠠᠪᠴᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ ᠂ ᠬᠤᠳᠠᠯᠳᠤᠭᠠᠴᠢᠨ ᠡᠷᠦᠭᠡ ᠪᠠ ᠤᠯᠠᠨ ᠲᠦᠮᠡᠨ ᠪᠠᠭ᠎ᠠ ᠶᠠᠪᠤᠳᠠᠯ ᠠᠴᠠ ᠡᠬᠢᠯᠡᠨ ᠨᠢᠭᠡ ᠦᠶ᠎ᠡ ᠴᠠᠬᠢᠯᠭᠠᠨ᠂ ᠳᠤᠰᠤᠯ ᠤᠰᠤ᠂ ᠨᠢᠭᠡ ᠱᠧᠩ ᠲᠤᠰᠤ᠂ ᠨᠢᠭᠡ ᠪᠢᠷ᠂ ᠨᠢᠭᠡ ᠮᠥᠩᠭᠦ ᠠᠷᠪᠢᠯᠠᠬᠤ ᠶᠢ ᠶᠡᠭᠡ ᠪᠠᠷ ᠰᠠᠨᠠᠭᠠᠴᠢᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ ᠳᠠᠳᠬᠠᠯ ᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃   2021 ᠣᠨ ᠤ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠲᠤ ᠴᠢᠩᠭ᠎ᠠ ᠤᠳᠤᠷᠢᠳᠤᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠬᠤᠷᠠᠯ ᠤᠨ ᠲᠠᠷᠠᠭ᠎ᠠ ᠡᠯ᠎ᠡ ᠨᠢᠭᠡᠴᠡ ᠨᠦᠭᠦᠳ ᠠᠵᠢᠯ ᠤᠨ ᠬᠤᠷᠠᠯ ᠢᠶᠠᠨ ᠲᠦᠷᠭᠡᠬᠡᠨ ᠬᠤᠷᠠᠯᠳᠤᠭᠤᠯᠵᠤ᠂ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠺᠠᠳ᠋ᠷ ᠠᠵᠢᠯᠳᠠᠨ ᠠᠵᠢᠯᠴᠢᠨ ᠪᠠ ᠥᠷᠭᠡᠨ ᠤᠯᠠᠨ ᠨᠠᠮ ᠤᠨ ᠭᠡᠰᠢᠭᠦᠳ ᠲᠤ ᠦᠳᠲᠡᠷ ᠲᠦᠷᠭᠡᠨ ᠳᠠᠮᠵᠢᠭᠤᠯᠤᠨ ᠲᠤᠭᠤᠰᠢᠯᠠᠭᠤᠯᠬᠤ ᠬᠡᠷᠡᠭᠲᠡᠶ᠃ ᠬᠤᠶᠠᠷ ᠲᠤ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠤᠯᠠᠨ ᠢᠶᠠᠷ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠡᠳᠬᠢᠴᠡ ᠪᠠᠨ ᠤᠯᠠᠮ ᠨᠢᠭᠡ ᠠᠯᠬᠤᠮ ᠡᠮᠬᠢᠯᠡᠨ ᠲᠢᠭᠯᠡᠵᠦ᠂ ᠲᠤᠰ ᠨᠢᠭᠡᠴᠢ ᠲᠤᠰ ᠰᠠᠯᠠᠭ᠎ᠠ ᠮᠥᠴᠢᠷ ᠤᠨ ᠢᠶᠠᠨ ᠠᠵᠢᠯ ᠤᠨ ᠭᠤᠣᠯᠳᠠᠯᠭ᠎ᠠ ᠶᠢ ᠲᠣᠭᠲᠠᠭᠠᠬᠤ ᠬᠡᠷᠡᠭᠲᠡᠶ᠃ ᠭᠤᠷᠪᠠ ᠳᠤ᠂ ᠣᠪᠣᠷ ᠢᠶᠠᠨ ᠲᠥᠪ ᠪᠣᠯᠭᠠᠵᠤ᠂ ᠴᠠᠭᠠᠷᠠᠭᠰᠠᠨ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠠᠷᠢᠶᠠᠲᠤ ᠣᠷᠣᠨ ᠤ ᠪᠥᠬᠦ ᠺᠠᠳ᠋ᠷ ᠠᠵᠢᠯᠲᠠᠨ ᠠᠵᠢᠯᠴᠢᠨ ᠢᠯᠠᠩᠭᠤᠶ᠎ᠠ ᠤᠳᠤᠷᠢᠳᠬᠤ ᠺᠠᠳ᠋ᠷᠴᠤᠳ ᠢ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠭᠤᠤᠯᠳᠠᠯᠭ᠎ᠠ ᠶᠢ ᠳᠣᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ 2021 ᠣᠨ ᠤ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠤ ᠠᠬᠤᠶ᠂ ᠨᠡᠶᠢᠭᠡᠮ᠂ ᠣᠷᠴᠢᠨ ᠠᠬᠤᠶ ᠶᠢᠨ ᠵᠣᠬᠢᠴᠠᠩᠭᠤᠶ ᠬᠥᠭᠵᠢᠯᠲᠡ ᠶᠢᠨ ᠲᠥᠯᠥᠭᠡ ᠴᠢᠷᠮᠠᠶᠢᠨ ᠲᠡᠮᠡᠴᠡᠶ᠎ᠡ︕ ᠡᠬᠡ ᠪᠢᠴᠢᠭ ᠤᠨ ᠢᠷᠡᠯᠲᠡ᠄ ᠬᠤᠯᠢᠫᠥ᠋ ᠬᠡᠷᠡᠭ ᠡᠷᠬᠢᠯᠡᠬᠦ ᠭᠠᠵᠠᠷᠵᠤᠬᠢᠶᠠᠭᠴᠢ᠄ ᠴᠠᠩ ᠶᠠ ᠯᠢ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号