ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠡ ᠪᠣᠯᠤᠨ | ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 29 ᠤ ᠡᠳᠦᠷ᠂ ᠬᠤᠯᠢᠫᠥ᠋ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠲᠠᠶᠢᠴᠢᠯᠠᠯᠳᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠨᠠᠮ ᠤᠨ ᠠᠵᠢᠯᠯᠠᠬᠤ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ᠂ ᠬᠠᠷᠢᠶ᠎ᠠ ᠣᠷᠣᠨ ᠤ ᠡᠯ᠎ᠡ ᠨᠠᠮ ᠤᠨ ᠡᠭᠦᠷ ᠤᠨ ᠱᠦᠵᠢ ᠵᠢᠴᠢ | ᠪᠠᠶᠢᠭᠤᠯᠤᠯᠭ᠎ᠠ ᠪᠣᠯᠤᠨ ᠨᠡᠶᠢᠭᠡᠮ ᠲᠣᠭᠤᠷᠢᠭ ᠤᠨ ᠪᠦᠬᠦ ᠠᠵᠢᠯᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃ | | ᠬᠤᠷᠠᠯ ᠠᠴᠠ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠳᠡᠳ᠋ ᠱᠦᠵᠢ ᠭᠤᠤ ᠱᠠᠨ ᠨᠥᠬᠦᠷ ᠤᠨ ᠭᠡᠭᠡᠨ | ᠭᠤᠣᠯ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ | ᠲᠤᠬᠠᠢ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ︽ᠶᠠᠭ ᠴᠠᠭ ᠲᠠᠭᠠᠨ ᠳᠣᠭᠢᠷᠬᠠᠰᠠᠨ᠂ ᠲᠦᠢᠯ ᠤᠨ | ᠴᠢᠬᠤᠯᠠ︾ ᠭᠡᠳᠡᠭ ᠢ ᠭᠦᠨᠵᠡᠭᠡᠶ ᠲᠠᠨᠢᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ | ᠬᠦ᠋ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠵᠤ᠂ ᠨᠠᠷᠢᠯᠢᠭ ᠠᠳᠬᠤᠵᠤ | ᠂ ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠪᠠᠷᠢᠮᠵᠢᠶ᠎ᠠ ᠪᠠᠷ ᠪᠠᠷᠢᠮᠵᠢᠶᠠᠯᠠᠬᠤ ᠶᠢ ᠪᠠᠷᠢᠮᠲᠠᠯᠠᠵᠤ᠂ | ᠭᠤᠣᠯ ᠰᠢᠵᠢᠮ ᠢ ᠡᠵᠡᠮᠳᠡᠵᠦ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ | ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠬᠠᠷᠠᠯᠲᠠ ᠡᠭᠦᠷᠭᠡ ᠶᠢ ᠣᠨᠣᠪᠴᠢᠲᠠᠢ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ᠂ ᠦᠨᠳᠦᠰᠦᠨ | ᠱᠠᠭᠠᠷᠳᠠᠯᠭ᠎ᠠ ᠪᠣᠯᠤᠨ ᠭᠤᠣᠯ ᠴᠢᠬᠤᠯᠠ ᠠᠭᠤᠯᠭ᠎ᠠ ᠶᠢ ᠪᠠᠲᠤ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠵᠣᠬᠢᠶᠠᠨ | ᠪᠠᠶᠢᠭᠤᠯᠤᠯᠲᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠲᠡᠦᠬᠡ | ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠶᠢ ᠨᠡᠮᠡᠭᠳᠡᠭᠦᠯᠬᠦ᠂ ᠲᠡᠦᠬᠡ ᠰᠤᠷᠴᠤ ᠶᠣᠰᠣ | ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠡᠯ᠎ᠡ ᠵᠦᠢᠯ ᠤᠨ ᠰᠤᠷᠤᠯᠴᠠᠯᠭ᠎ᠠ ᠬᠥᠮᠦᠵᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠶᠢ ᠦᠨᠡᠨᠬᠦ ᠠᠬᠢᠭᠤᠯᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ︽ | ᠲᠦᠷᠪᠡᠨ ᠤᠬᠠᠮᠰᠠᠷ︾ ᠢ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠰᠡᠳᠬᠢᠬᠦ | ᠴᠢᠳᠠᠪᠤᠷᠢ ᠪᠠ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠪᠡ | ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠠᠮ ᠤᠨ ᠡᠭᠦᠷ ᠰᠤᠷᠤᠯᠴᠠᠯᠭ᠎ᠠ ᠬᠥᠮᠦᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠤᠯᠭ᠎ᠠ ᠶᠢ ᠳᠠᠭᠠᠭᠤᠯᠤᠨ ᠰᠤᠷᠤᠯᠴᠠᠬᠤ ᠶᠢ ᠠᠬᠢᠭᠤᠯᠵᠤ᠂ ᠱᠠᠲᠤ | ᠱᠠᠲᠤ ᠪᠠᠷ ᠳᠠᠶᠢᠴᠢᠯᠠᠵᠤ᠂ ᠭᠦᠨᠵᠡᠭᠡᠶ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠳᠦᠷ | ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠪᠣᠳᠠᠲᠠᠢ ᠳᠤ ᠰᠠᠭᠤᠷᠢᠯᠠᠵᠤ᠂ ᠲᠥᠪ | ᠭᠤᠣᠯᠴᠢ ᠪᠠᠷ ᠰᠢᠨ᠎ᠡ ᠶᠢ ᠡᠭᠦᠳᠴᠦ᠂ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ | ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠢᠶ᠎ᠠ | ᠣᠷᠣᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ | ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠤᠭᠲᠤᠶ᠎ᠠ︕ | ᠡᠬᠡ ᠪᠢᠴᠢᠭ ᠤᠨ ᠢᠷᠡᠯᠲᠡ᠄ ᠬᠤᠯᠢᠫᠥ᠋ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠵᠤᠬᠢᠶᠠᠭᠴᠢ᠄ ᠯᠢ ᠪᠥ᠋ | |