ᠮᠠᠨᠬᠦ᠋ᠢ ᠪᠠᠯᠭᠠᠰᠤ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/1
   3 ᠰᠠᠷ᠎ᠠ ᠶᠢᠨ 25 ᠤ ᠦᠳᠡ ᠶᠢᠨ ᠬᠤᠶᠢᠨ᠎ᠠ᠂  ᠮᠠᠨᠬᠦ᠋ᠢ ᠪᠠᠯᠭᠠᠰᠤ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠱᠦᠵᠢ᠂ ᠨᠠᠮ ᠤᠨ ᠠᠵᠢᠯ ᠤᠨ ᠠᠵᠢᠯᠳᠠᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠭᠡᠭᠡᠨ ᠭᠤᠣᠯ ᠬᠤᠳᠠ ᠶᠢᠨ ᠡᠯ᠎ᠡ ᠵᠦᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠤ 2021 ᠣᠨ ᠤ ᠮᠠᠨᠬᠦ᠋ᠢ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠵᠢᠴᠢ ᠨᠢᠭᠡᠳᠦᠮᠡᠯ ᠹᠷᠣᠨᠲ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠠᠵᠢᠯ ᠳᠤ ᠣᠷᠣᠯᠴᠠᠬᠤ ᠬᠡᠷᠡᠭᠲᠡᠢ᠃ ᠨᠢᠭᠡ ᠳᠤ ᠳᠠᠮᠵᠢᠭᠤᠯᠤᠨ ᠰᠤᠷᠤᠯᠴᠠᠬᠤ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠷᠠᠯ ᠤᠨ ᠲᠤᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠠᠵᠢᠯ ᠬᠢᠵᠦ ᠦᠢᠯᠡᠰ ᠪᠦᠲᠦᠭᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠤᠶᠠᠷ ᠲᠤ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠥᠷᠨᠢᠯᠲᠡ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠨᠠᠮ ᠤᠨ ᠡᠭᠦᠷ ᠤᠨ ᠱᠦᠵᠢ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ᠃ ᠡᠬᠡ ᠪᠢᠴᠢᠭ ᠤᠨ ᠢᠷᠡᠯᠲᠡ᠄ ᠮᠠᠨᠬᠦ᠋ᠢ  ᠪᠠᠯᠭᠠᠰᠤ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号