ᠴᠠᠭᠠᠨ ᠲᠤᠰᠤ
ᠨᠡᠶᠢᠲᠡᠯᠡᠭᠰᠡᠨ ᠴᠠᠭ᠄
2021/4/1
   1. ᠴᠠᠭᠠᠨ ᠲᠤᠰᠤ ᠭᠡᠳᠡᠭ ᠪᠣᠯ ᠭᠤᠤᠯᠳᠠᠭᠤ ᠬᠤᠨᠢᠨ ᠰᠦ ᠶᠢᠨ ᠦᠷᠦᠮ᠎ᠡ ᠶᠢ ᠬᠤᠷᠢᠶᠠᠨ ᠬᠤᠷᠠᠮᠳᠤᠭᠤᠯᠵᠤ᠂ ᠠᠭᠰᠢᠷᠠᠭᠤᠯᠤᠭᠰᠠᠨ ᠤ ᠳᠠᠷᠠᠭ᠎ᠠ ᠬᠤᠨᠢᠨ ᠤ ᠠᠳᠠᠰᠯᠠᠭᠰᠠᠨ ᠭᠦᠵᠡᠭᠡᠨ ᠳᠤ ᠬᠡᠢ ᠦᠭᠡᠢ ᠴᠢᠬᠢᠨ ᠬᠢᠵᠦ ᠢᠳᠡᠬᠦ ᠪᠠᠷ ᠬᠠᠳᠠᠭᠠᠯᠠᠭᠰᠠᠨ ᠦᠷᠦᠮ᠎ᠡ ᠶᠢ ᠴᠠᠭᠠᠨ ᠲᠤᠰᠤ ᠭᠡᠳᠡᠭ᠃ ᠬᠤᠨᠢᠨ ᠰᠦᠨ ᠤ ᠦᠷᠦᠮ᠎ᠡ ᠶᠢᠨ ᠴᠠᠭᠠᠨ ᠲᠤᠰᠤ ᠶᠢᠨ ᠴᠢᠨᠠᠷ ᠨᠢ ᠪᠦᠯᠢᠶᠡᠨ᠂ ᠠᠮᠲᠠ ᠨᠢ ᠭᠤᠰᠢᠭᠤᠨ᠂ ᠬᠤᠷᠴᠠ ᠲᠤᠰᠤᠯᠢᠭ ᠬᠦᠨᠳᠦ ᠴᠢᠨᠠᠷᠲᠠᠢ ᠢᠳᠡᠭᠡᠨ ᠪᠣᠯᠣᠨ᠎ᠠ᠃ ᠡᠨᠡ ᠬᠦ ᠪᠦᠲᠦᠭᠡᠭᠳᠡᠭᠦᠨ ᠤ ᠦᠢᠯᠡᠳᠦᠯ ᠨᠢ ᠬᠡᠢ ᠴᠢᠰᠦᠨ ᠤ ᠭᠦᠶᠦᠳᠡᠯ ᠢ ᠰᠠᠶᠢᠵᠢᠷᠠᠭᠤᠯᠵᠤ᠂ ᠮᠠᠬᠠᠪᠤᠳ ᠢ ᠰᠢᠮᠡᠵᠢᠭᠦᠯᠵᠦ᠂ ᠢᠯᠴᠢ ᠶᠢ ᠡᠭᠦᠰᠭᠡᠨ᠂ ᠬᠦᠢᠲᠡᠨ ᠰᠢᠷ᠎ᠠ ᠤᠰᠣ ᠶᠢ ᠪᠦᠯᠢᠶᠡᠰᠭᠡᠵᠦ᠂ ᠨᠦᠢᠷ ᠢ ᠰᠠᠶᠢᠵᠢᠷᠠᠭᠤᠯᠤᠨ᠂ ᠠᠭᠤᠰᠬᠢ ᠶᠢ ᠠᠮᠤᠷᠵᠢᠭᠤᠯᠵᠤ᠂ ᠪᠦᠭᠡᠷᠡᠨ ᠲᠠᠮᠢᠷ ᠢ ᠰᠠᠶᠢᠵᠢᠷᠠᠭᠤᠯᠤᠨ᠎ᠠ᠃    2. ᠦᠨᠢᠶᠡᠨ ᠰᠦᠨ ᠤ ᠦᠷᠦᠮ᠎ᠡ ᠶᠢᠨ ᠴᠠᠭᠠᠨ ᠲᠤᠰᠤ᠃ ᠦᠨᠢᠶᠡᠨ ᠰᠦᠨ ᠤ ᠦᠷᠦᠮ᠎ᠡ ᠶᠢᠨ ᠴᠠᠭᠠᠨ ᠲᠤᠰᠤ ᠶᠢ ᠬᠤᠷᠢᠶᠠᠵᠤ ᠪᠣᠯᠪᠠᠰᠤᠷᠠᠭᠤᠯᠵᠤ ᠬᠠᠳᠠᠭᠠᠯᠠᠬᠤ ᠠᠷᠭ᠎ᠠ ᠨᠢ ᠮᠦᠨ ᠴᠦ ᠬᠤᠨᠢᠨ ᠰᠦᠨ ᠤ ᠦᠷᠦᠮ᠎ᠡ ᠶᠢᠨ ᠴᠠᠭᠠᠨ ᠲᠤᠰᠤ ᠶᠢ ᠪᠣᠯᠪᠠᠰᠤᠷᠠᠭᠤᠯᠵᠤ ᠬᠠᠳᠠᠭᠠᠯᠠᠬᠤ ᠲᠠᠢ ᠠᠳᠠᠯᠢ ᠪᠠᠶᠢᠳᠠᠭ᠃ ᠡᠨᠡ ᠬᠦ ᠴᠠᠭᠠᠨ ᠲᠤᠰᠤ ᠶᠢᠨ ᠴᠢᠨᠠᠷ ᠨᠢ ᠪᠦᠯᠢᠶᠡᠨ᠂ ᠠᠮᠲᠠ ᠨᠢ ᠬᠦᠴᠢᠯᠯᠢᠭ᠂ ᠭᠤᠰᠢᠭᠤᠨ᠂ ᠲᠤᠰᠤᠯᠢᠭ᠂ ᠬᠦᠨᠳᠦ᠃ ᠲᠡᠭᠦᠨ ᠤ ᠦᠢᠯᠡᠳᠦᠯ ᠨᠢ ᠬᠡᠢ ᠴᠢᠰᠦᠨ ᠤ ᠭᠦᠶᠦᠳᠡᠯ ᠢ ᠰᠠᠶᠢᠵᠢᠷᠠᠭᠤᠯᠵᠤ᠂ ᠢᠯᠴᠢ ᠶᠢ ᠡᠭᠦᠰᠭᠡᠨ᠂ ᠨᠦᠢᠷ ᠢ ᠰᠠᠶᠢᠵᠢᠷᠠᠭᠤᠯᠵᠤ᠂ ᠮᠠᠬᠠᠪᠤᠳ ᠢ ᠰᠢᠮᠡᠵᠢᠭᠦᠯᠦᠨ᠂ ᠠᠭᠤᠰᠬᠢ ᠵᠢᠷᠦᠬᠡ ᠶᠢ ᠠᠮᠤᠷᠵᠢᠭᠤᠯᠵᠤ᠂ ᠪᠦᠭᠡᠷᠡᠨ ᠲᠠᠮᠢᠷ ᠢ ᠰᠠᠶᠢᠵᠢᠷᠠᠭᠤᠯᠤᠨ᠎ᠠ᠃    3. ᠨᠠᠮᠤᠷ ᠤᠨ ᠬᠡᠨᠵᠡ ᠦᠷᠦᠮ᠎ᠡ᠃ ᠨᠠᠮᠤᠷ ᠤᠨ ᠤᠯᠠᠷᠢᠯ ᠤᠨ ᠦᠨᠢᠶᠠᠨ ᠰᠦᠨ ᠤ ᠦᠷᠦᠮ᠎ᠡ ᠶᠢ ᠬᠡᠨᠵᠡ ᠦᠷᠦᠮ᠎ᠡ ᠭᠡᠳᠡᠭ᠃ ᠲᠡᠭᠦᠨ ᠢ ᠪᠦᠲᠦᠭᠡᠭᠳᠡᠭᠦᠨ ᠪᠣᠯᠭᠠᠬᠤ ᠠᠷᠭ᠎ᠠ ᠪᠠᠷᠢᠯ ᠨᠢ ᠳᠡᠭᠡᠷ᠎ᠡ ᠲᠡᠮᠳᠡᠭᠯᠡᠭᠰᠡᠨ ᠦᠨᠢᠶᠡᠨ ᠰᠦᠨ ᠤ ᠴᠠᠭᠠᠨ ᠲᠤᠰᠤ ᠪᠣᠯᠪᠠᠰᠤᠷᠠᠭᠤᠯᠵᠤ ᠬᠠᠳᠠᠭᠠᠯᠠᠬᠤ ᠲᠠᠢ ᠠᠳᠠᠯᠢ ᠪᠠᠶᠢᠳᠠᠭ᠃ ᠨᠠᠮᠤᠷ ᠤᠨ ᠬᠡᠨᠵᠡ ᠦᠷᠦᠮ᠎ᠡ ᠪᠠᠨ ᠬᠤᠷᠠᠮᠳᠣᠭᠤᠯᠵᠣ ᠠᠭᠰᠢᠷᠠᠭᠤᠯᠤᠭᠰᠠᠨ ᠤ ᠳᠠᠷᠠᠭ᠎ᠠ ᠬᠤᠷᠠᠭᠠᠨ ᠤ ᠢᠳᠡᠭᠡᠯᠡᠭᠰᠡᠨ ᠭᠦᠵᠡᠭᠡ ᠪᠣᠶᠣ ᠡᠰᠡᠭᠦᠯ᠎ᠡ ᠬᠤᠨᠢᠨ ᠤ ᠢᠳᠡᠭᠡᠯᠡᠭᠰᠡᠨ ᠣᠯᠣᠭᠠᠢ ᠳᠤ ᠬᠡᠢ ᠦᠭᠡᠢ ᠴᠢᠬᠢᠵᠦ ᠬᠠᠳᠠᠭᠠᠯᠠᠵᠤ ᠢᠳᠡᠳᠡᠭ᠃ ᠡᠨᠡ ᠬᠦ ᠬᠡᠨᠵᠡ ᠦᠷᠦᠮ᠎ᠡ ᠨᠢ ᠳᠡᠮᠡᠢ ᠬᠦᠴᠢᠯᠯᠢᠭ ᠪᠢᠰᠢ᠂ ᠠᠮᠲᠠᠯᠢᠭ ᠠᠮᠲᠠ ᠲᠠᠢ᠂ ᠲᠡᠭᠦᠨ ᠤ ᠦᠢᠯᠡᠳᠦᠯ ᠨᠢ ᠦᠨᠢᠶᠡᠨ ᠰᠦᠨ ᠤ ᠴᠠᠭᠠᠨ ᠲᠤᠰᠤ ᠲᠠᠢ ᠦᠨᠳᠦᠰᠦᠨ ᠳᠡᠭᠡᠨ ᠠᠳᠠᠯᠢ ᠪᠠᠶᠢᠳᠠᠭ᠃ ︵ᠢᠷᠡᠯᠲᠡ᠄ ᠴᠦᠢ᠊ · ᠷᠢᠨᠴᠢᠨ ᠤ ᠨᠠᠶᠢᠷᠠᠭᠤᠯᠤᠭᠰᠠᠨ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶    
 
ᠢᠷᠡᠯᠲᠡ᠄ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号