| | | 4 ᠰᠠᠷ᠎ᠠ ᠶᠢᠨ 13 ᠤ ᠦᠳᠡ ᠶᠢᠨ ᠡᠮᠦᠨ᠎ᠡ᠂ ᠭᠡᠭᠡᠨ ᠭᠤᠣᠯ ᠬᠤᠳᠠ ᠶᠢᠨ ᠬᠢᠨ ᠪᠦᠬᠦ ᠬᠤᠳᠠ ᠶᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠡ᠃ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠥᠯᠥᠨ ᠪᠤᠶᠢᠷ ᠬᠤᠳᠠ ᠶᠢᠨ ᠨᠠᠮ ᠤᠨ ᠲᠡᠦᠬᠡ ᠶᠢᠨ | ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠬᠢᠨᠠᠨ ᠨᠠᠶᠢᠷᠠᠭᠤᠯᠤᠭᠴᠢ ᠳ᠋ᠦ᠋ ᠴᠦᠨ ᠫᠧᠩ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠡᠢ᠃ ᠭᠡᠭᠡᠨ ᠭᠤᠣᠯ ᠬᠤᠳᠠ ᠶᠢᠨ ᠨᠠᠮ ᠤᠨ ᠬᠤᠷᠢᠶᠠᠨ ᠤ ᠱᠦᠵᠢ | ᠰᠦᠨ ᠰᠢᠶᠤᠤ ᠯᠢᠶᠠᠩ ᠨᠠᠷ ᠣᠷᠣᠯᠴᠠᠪᠠ᠃ ᠭᠡᠭᠡᠨ ᠭᠤᠣᠯ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢ ᠢᠦᠢ ᠯᠦᠩ ᠮᠡᠳᠡᠭᠦᠯᠦᠯᠲᠡ ᠶᠢᠨ ᠬᠤᠷᠠᠯ ᠢ ᠡᠷᠬᠢᠯᠡᠪᠡ᠃ | | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠳ᠋ᠦ᠋ ᠴᠦᠨ ᠫᠧᠩ ︽ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ | ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠠᠷ ᠭᠤᠣᠯ ᠰᠡᠳᠦᠪ | ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠲᠡᠦᠬᠡ ᠶᠢᠨ ᠦᠨᠳᠦᠰᠦᠨ ᠵᠣᠬᠢᠶᠠᠯ | ᠪᠦᠲᠦᠭᠡᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ | ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ ᠶᠢ ᠪᠦᠬᠦ | ᠲᠠᠯ᠎ᠠ ᠪᠠᠷ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠶᠢ | ᠭᠦᠨᠵᠡᠭᠡᠢ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠠ ᠣᠶᠢᠯᠠᠭᠠᠬᠤ ᠪᠦᠭᠡᠳ ᠨᠡᠪᠲᠡᠷᠡᠲᠡᠯ᠎ᠡ ᠣᠶᠢᠯᠠᠭᠠᠨ ᠪᠣᠳᠠᠲᠠᠶᠢᠵᠢᠭᠤᠯᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠵᠡᠷᠭᠡ | ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠃ ᠢᠯᠡᠳᠬᠡᠯ ᠤᠨ ᠠᠭᠤᠯᠭ᠎ᠠ ᠨᠢ ᠪᠠᠶᠠᠯᠢᠭ᠂ ᠲᠠᠶᠢᠯᠤᠮᠵᠢ ᠨᠢ | ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠤᠯᠠᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠠ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠴᠢᠬᠤᠯᠠ ᠱᠠᠭᠠᠷᠳᠠᠯᠭ᠎ᠠ ᠶᠢᠨ ᠲᠤᠬᠠᠢ ᠨᠡᠩ | ᠪᠦᠬᠦ ᠲᠠᠯ᠎ᠠ ᠶᠢᠨ ᠲᠠᠨᠢᠯᠲᠠ ᠪᠠ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ | ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ | ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠦᠨᠳᠦᠰᠦᠨ ᠵᠣᠬᠢᠶᠠᠯ ᠪᠦᠲᠦᠭᠡᠯ ᠢ | ᠲᠦᠷᠦᠭᠦᠯᠡᠨ ᠰᠤᠳᠤᠯᠤᠨ ᠤᠩᠰᠢᠵᠤ᠂ ᠨᠠᠮ ᠤᠨ ᠲᠡᠦᠬᠡ ᠭᠡᠬᠦ ᠡᠨᠡᠬᠦ ᠵᠠᠪᠠᠯ ᠰᠤᠷᠬᠤ ᠬᠢᠴᠢᠶᠡᠯ ᠢ ᠦᠨᠡᠨᠬᠦ ᠰᠠᠶᠢᠲᠤᠷ | ᠰᠤᠷᠴᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠪᠣᠯᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ |