ᠭᠡᠭᠡᠨ ᠭᠤᠣᠯ ᠬᠤᠳᠠ ᠵᠢᠨ‌‍ᠰᠧᠨ ᠭᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/6
   2021 ᠣᠨ ᠤ 3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠧᠨ ᠭᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠭᠡᠭᠡᠨ ᠭᠤᠤᠯ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠠᠵᠢᠯᠯᠠᠬᠤ ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ᠂ ᠡᠯ᠎ᠡ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠬᠤᠷᠠᠯ ᠳᠤ ᠣᠷᠣᠯᠴᠠᠪᠠ᠃  ᠬᠤᠷᠠᠯ ᠠᠴᠠ ᠭᠡᠭᠡᠨ ᠭᠤᠣᠯ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠬᠡᠷᠡᠭᠵᠢᠭᠦᠯᠬᠦ ᠲᠥᠰᠦᠯ︾ ᠤᠨ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ ᠃        ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠴᠢᠬᠤᠯᠠ ᠶᠡᠭᠡ ᠠᠴᠢ ᠬᠤᠯᠪᠣᠭᠳᠠᠯ ᠢ ᠡᠵᠡᠮᠳᠡᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ᠪᠣᠯᠤᠨ ᠨᠠᠮ ᠤᠨ ᠭᠡᠰᠢᠭᠦᠨ ᠺᠠᠳ᠋ᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠳᠠᠭᠠᠭᠤᠯᠤᠨ ᠰᠤᠷᠤᠯᠴᠠᠬᠤ ᠶᠢ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ︔ ᠬᠤᠶᠠᠷ ᠲᠤ ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠨᠠᠮᠴᠢ ᠴᠢᠨᠠᠷ ᠤᠨ ᠦᠵᠡᠯᠲᠡ ᠪᠠᠨ ᠴᠢᠩᠭᠠᠳᠬᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ᠂ ᠦᠨᠳᠦᠰᠦᠨ ᠱᠠᠭᠠᠷᠳᠠᠯᠭ᠎ᠠ ᠪᠠ ᠭᠤᠣᠯ ᠴᠢᠬᠤᠯᠠ ᠠᠭᠤᠯᠭ᠎ᠠ ᠶᠢ ᠰᠠᠶᠢᠲᠤᠷ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ ᠠᠷᠭ᠎ᠠ ᠬᠡᠯᠪᠡᠷᠢ ᠪᠠ ᠠᠷᠭ᠎ᠠ ᠶᠢ ᠴᠢᠬᠤᠯᠠᠴᠢᠯᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠶ᠃ ᠤᠨᠦᠯ ᠤᠨ ᠰᠤᠷᠦᠯᠴᠡᠯᠭ᠎ᠠ ᠬᠢᠭᠡᠳ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠵᠤ᠂ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠴᠢᠳᠠᠮᠠᠭᠠᠶ ᠪᠠᠷ ᠬᠡᠷᠡᠭᠵᠢᠭᠦᠯᠬᠦ ᠶᠢ ᠴᠢᠷᠮᠠᠶᠢᠨ ᠪᠡᠶᠡᠯᠡᠭᠦᠯᠵᠦ᠂ ᠰᠤᠷᠦᠯᠴᠡᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠠᠮ ᠤᠨ ᠡᠭᠦᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠨᠠᠮ ᠤᠨ ᠲᠡᠦᠬᠡ ᠶᠢᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠳᠤ ᠪᠤᠶᠠᠨ ᠦᠢᠯᠡᠳᠬᠦ ᠬᠡᠷᠡᠭᠲᠡᠢ᠃ ᠨᠠᠮ ᠤᠨ ᠠᠵᠢᠯᠯᠠᠬᠤ ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠤᠨ ᠱᠠᠯᠠᠪᠳᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃       ᠳᠠᠷᠠᠭ᠎ᠠ ᠳᠤᠨᠢ᠂ ᠨᠠᠮ ᠤᠨ ᠲᠡᠦᠬᠡ ᠶᠢ ᠰᠤᠷᠤᠯᠴᠠᠬᠤ ᠠᠩᠬᠠᠨ ᠤ ᠬᠢᠴᠢᠶᠡᠯ ᠢ ᠥᠷᠨᠢᠭᠦᠯᠵᠦ᠂ ᠰᠧᠨ ᠭᠦᠩ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠨᠠᠮ ᠤᠨ ᠲᠡᠦᠬᠡ ᠶᠢ ᠰᠤᠷᠤᠯᠴᠠᠨ ᠳᠠᠶᠢᠴᠢᠯᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠤᠭ ᠵᠣᠬᠢᠶᠠᠯ ᠢ ᠳᠠᠭᠠᠭᠤᠯᠤᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢ ᠰᠤᠷᠤᠯᠴᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠪᠠ᠃ᠡᠬᠡ ᠪᠢᠴᠢᠭ ᠤᠨ ᠢᠷᠡᠯᠲᠡ᠄ ᠰᠧᠨ ᠭᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷᠵᠤᠬᠢᠶᠠᠭᠴᠢ᠄ ᠾᠧᠦ ᠰᠢᠨ ᠶᠤᠸᠠᠢ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号