ᠰᠣᠶᠣᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠰᠣᠶᠣᠯ ᠤᠨ ᠠᠮᠤᠷ ᠲᠦᠪᠰᠢᠨ ᠢ ᠬᠠᠮᠠᠭᠠᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠨᠡᠶᠢᠭᠡᠮ ᠤᠨ | ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠭᠡᠭᠡᠨ ᠭᠤᠣᠯ ᠬᠤᠳᠠ ᠶᠢᠨ ᠨᠠᠮ ᠤᠨ | ᠬᠤᠷᠢᠶ᠎ᠡ ᠶᠢᠨ ᠤᠬᠠᠭᠤᠯᠬᠤ ᠬᠡᠯᠲᠡᠰ ᠤᠯᠠᠨ ᠰᠠᠯᠠᠭ᠎ᠠ ᠮᠥᠴᠢᠷ ᠲᠠᠢ ᠬᠠᠮᠲᠤᠷᠠᠨ ︽ᠱᠠᠯᠢᠭ ᠵᠠᠪᠬᠠᠶ ᠵᠦᠢᠯᠡᠰ ᠢ | ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠳᠠᠨ ᠤᠷᠢᠳ ᠬᠤᠵᠢᠳ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠰᠣᠶᠣᠯ ᠤᠨ ᠲᠠᠯᠠᠪᠤᠷ᠂ ᠶᠡᠷᠦᠩᠬᠡᠶᠢᠯᠡᠭᠰᠡᠨ ᠰᠣᠶᠣᠯ ᠤᠨ ᠳᠡᠯᠭᠡᠭᠦᠷ᠂ ᠱᠠᠰᠢᠨ ᠰᠤᠷᠲᠠᠬᠤᠨ ᠤ ᠬᠡᠷᠡᠭᠰᠡᠯ ᠤᠨ | ᠳᠡᠯᠭᠡᠭᠦᠷ ᠵᠡᠷᠭᠡ ᠨᠢᠭᠡᠴᠢ ᠳᠤ ᠬᠦᠷᠴᠦ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠲᠠᠯᠠᠪᠤᠷ ᠭᠠᠵᠠᠷ ᠤᠨ ᠪᠠᠶᠢᠳᠠᠯ ᠢ | ᠤᠢᠢᠯᠠᠭᠠᠨ ᠳᠠᠩᠰᠠᠯᠠᠵᠤ᠂ ᠡᠭᠡ ᠲᠠᠩᠰᠠ ᠶᠢ ᠲᠢᠭᠯᠡᠵᠦ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠪᠠᠶᠢᠳᠠᠯ ᠢ ᠦᠨᠡᠨ ᠬᠦ ᠡᠵᠡᠮᠰᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ | ᠴᠢᠩᠭ᠎ᠠ ᠪᠠᠶᠢᠴᠠᠭᠠᠵᠤ᠂ ᠬᠠᠤᠯᠢ ᠪᠤᠰᠤ ᠬᠡᠪᠯᠡᠭᠳᠡᠬᠦᠨ ᠪᠠ ᠬᠠᠤᠯᠢ ᠪᠤᠰᠤ ᠱᠠᠰᠢᠨ ᠰᠤᠷᠲᠠᠬᠤᠨ ᠤ ᠤᠬᠠᠭᠤᠯᠭ᠎ᠠ ᠶᠢᠨ | ᠵᠦᠢᠯᠡᠰ ᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠪᠡ᠃ ᠡᠵᠡᠩᠨᠡᠭᠴᠢ ᠳᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠥᠷᠨᠢᠭᠦᠯᠵᠦ᠂ ᠡᠵᠡᠩᠨᠡᠭᠴᠢ ᠶᠢᠨ ᠬᠠᠤᠯᠢ ᠲᠦᠷᠢᠮ ᠤᠨ ᠦᠵᠡᠯᠲᠡ ᠪᠠᠨ ᠳᠡᠭᠡᠭᠰᠢᠯᠡᠭᠦᠯᠬᠦ ᠶᠢ | ᠠᠬᠢᠭᠤᠯᠤᠨ᠂ ᠤᠬᠠᠮᠰᠠᠷ ᠠᠴᠠ ᠪᠠᠨ ᠬᠠᠤᠯᠢ ᠶᠢ ᠰᠠᠬᠢᠵᠤ ᠡᠵᠡᠩᠨᠡᠬᠦ᠂ ᠵᠢᠷᠤᠮᠵᠢᠯ ᠲᠠᠢ ᠬᠠᠮᠢᠶᠠᠷᠬᠤ ᠶᠢ ᠪᠡᠶᠡᠯᠡᠭᠦᠯᠵᠦ᠂ | ᠡᠷᠡᠭᠦᠯ ᠪᠥᠭᠡᠳ ᠡᠮᠬᠢ ᠵᠢᠷᠤᠮ ᠲᠠᠢ ᠰᠣᠶᠣᠯ ᠤᠨ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠴᠢᠷᠮᠠᠶᠢᠨ ᠪᠣᠶ | ᠪᠣᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠡᠬᠡ ᠪᠢᠴᠢᠭ ᠤᠨ ᠢᠷᠡᠯᠲᠡ᠄ ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪ | ᠵᠤᠬᠢᠶᠠᠭᠴᠢ᠄ ᠯᠢ ᠰᠢᠶᠣᠣ ᠰᠢᠤᠸᠠᠢ ᠷᠧᠨ ᠪᠣᠣ ᠵᠧᠨ | |