ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2021/4/6
   ᠣᠶᠢᠷ᠎ᠠ ᠳᠤ᠂ ᠮᠠᠨ ᠤ ᠤᠯᠤᠰ ᠤᠨ ᠶᠦᠨᠨᠠᠨ ᠮᠤᠵᠢ ᠶᠢᠨ ᠷᠦᠢ ᠯᠢ ᠬᠤᠲᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠡᠶ᠃ ᠮᠠᠨ ᠤ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠨ᠂ ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠵᠦ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠨ᠂ ᠪᠥᠬᠦ ᠬᠤᠲᠠ ᠶᠢᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠪᠠᠴᠢᠮ ᠰᠠᠨᠠᠭᠤᠯᠤᠶ᠎ᠠ᠄      ᠨᠢᠭᠡ᠂ ᠥᠷᠭᠡᠨ ᠤᠯᠠᠨ ᠬᠤᠳᠠ ᠶᠢᠨ ᠠᠷᠠᠳ ᠤᠢᠢᠷ᠎ᠠ ᠶᠢᠨ ᠬᠤᠭᠤᠴᠠᠭᠠᠨ ᠳᠤ ᠶᠦᠨᠨᠠᠨ ᠮᠤᠵᠢ ᠶᠢᠨ ᠷᠦᠢ ᠯᠢ ᠬᠤᠳᠠ ᠳᠤ ᠴᠢᠬᠤᠯᠠ ᠤᠴᠢᠷ ᠦᠭᠡᠢ ᠪᠤᠯ ᠴᠢᠳᠠᠬᠤ ᠶᠢᠨ ᠬᠢᠷᠢ ᠪᠠᠷ ᠤᠴᠢᠬᠤ ᠦᠭᠡᠢ᠃ 2021 ᠣᠨ ᠤ 3 ᠰᠠᠷ᠎ᠠ ᠶᠢᠨ 14 ᠤ ᠡᠳᠦᠷ ᠠᠴᠠ ᠰᠡᠭᠦᠯᠡᠷ ᠷᠦᠢ ᠯᠢ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠬᠠᠮᠢᠶ᠎ᠠ ᠪᠥᠬᠦᠶ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠠᠷᠠᠶ᠃ ᠡᠭᠦᠨ ᠤ ᠬᠠᠮᠲᠤ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠶ᠂ ᠵᠢᠱᠢᠶᠡᠯᠡᠪᠡᠯ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ ᠵᠡᠷᠭᠡ ᠡᠪ ᠥᠬᠡᠶ ᠪᠠᠶᠢᠳᠠᠯ ᠭᠠᠷᠪᠠᠯ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠳᠠᠷᠤᠶ ᠲᠦᠷᠭᠡᠨ ᠬᠦᠷᠴᠦ ᠡᠮᠨᠡᠭᠦᠯᠬᠦ ᠬᠡᠷᠡᠭᠲᠡᠶ᠂ ᠡᠮᠨᠡᠭᠦᠯᠬᠦ ᠶᠠᠪᠤᠴᠠ ᠳᠤ ᠪᠥᠬᠦ ᠶᠠᠪᠤᠴᠠ ᠳᠤ ᠠᠮᠠᠪᠴᠢ ᠵᠡᠭᠦᠬᠦ ᠶᠢ ᠵᠢᠷᠤᠮᠵᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠂ ᠡᠮᠨᠡᠭᠦᠯᠬᠦ ᠦᠶ᠎ᠡ ᠳᠤ ᠰᠠᠨᠠᠭᠠᠴᠢᠯᠠᠭ᠎ᠠ ᠠᠴᠠ ᠪᠠᠨ ᠡᠮᠴᠢ ᠳᠤ ᠵᠢᠭᠤᠯᠴᠢᠯᠠᠵᠤ ᠰᠠᠭᠤᠭᠰᠠᠨ ᠲᠡᠤᠬᠡ ᠪᠠ ᠣᠶᠢᠷᠠᠲᠤᠭᠰᠠᠨ ᠲᠡᠤᠬᠡ ᠶᠢ ᠬᠡᠯᠡᠵᠦ ᠥᠭᠬᠦ ᠬᠡᠷᠡᠭᠲᠡᠶ᠃    ᠬᠤᠶᠠᠷ᠂ ᠥᠷᠭᠡᠨ ᠣᠯᠠᠨ ᠬᠤᠲᠠ ᠶᠢᠨ ᠠᠷᠠᠳ ᠷᠦᠢ ᠯᠢ ᠬᠤᠲᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ ᠪᠠᠶᠢᠬᠤ ᠶᠢ ᠬᠦᠰᠡᠵᠦ ᠪᠠᠶᠢᠨ᠎ᠠ᠂ ᠬᠡᠷᠪᠡ ᠣᠨᠣᠰᠢᠯᠠᠭᠰᠠᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠤᠨ ᠠᠶᠠᠯᠠᠯ ᠤᠨ ᠵᠠᠮ ᠮᠥᠷ ᠲᠠᠢ ᠠᠭᠤᠯᠵᠠᠨ ᠴᠤᠭᠯᠠᠭᠰᠠᠳ ᠪᠤᠶᠤ ᠣᠶᠢᠷ᠎ᠠ ᠶᠢᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠬᠠᠮᠢᠶ᠎ᠠ ᠪᠥᠬᠦᠶ ᠬᠥᠮᠦᠰ ᠲᠠᠢ ᠠᠭᠤᠯᠵᠠᠵᠤ ᠥᠩᠭᠡᠷᠡᠭᠰᠡᠨ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃        ᠭᠤᠷᠪᠠ᠂ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠪᠣᠯᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠶᠢᠨ ᠳ᠋ᠦᠩᠨᠡᠯᠲᠡ ᠶᠢ ᠦᠨᠳᠦᠰᠦᠯᠡᠪᠡᠯ᠂ ᠣᠳᠣᠬᠠᠨ ᠳᠤ ᠰᠢᠨ᠎ᠡ ᠡᠪᠡᠳᠴᠢᠨ ᠤ ᠸᠢᠷᠦ᠋ᠰ ᠤᠨ ᠸᠠᠺᠼᠢᠨ ᠢ ᠳᠠᠷᠢᠬᠤ ᠪᠣᠯ ᠬᠠᠮᠤᠭ ᠤᠨ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠪᠣᠯ ᠪᠠᠷᠢᠨ ᠭᠦᠢᠴᠡᠳᠬᠡᠬᠦ ᠪᠠᠴᠢᠮ ᠡᠭᠦᠷᠭᠡ ᠮᠥᠨ᠂ ᠭᠠᠭᠴᠠ ᠬᠦ ᠰᠢᠨ᠎ᠡ ᠡᠪᠡᠳᠴᠢᠨ ᠤ ᠸᠢᠷᠦ᠋ᠰ ᠤᠨ ᠸᠠᠺᠼᠢᠨ ᠢ ᠳᠠᠷᠢᠬᠤ ᠪᠠᠷ ᠳᠠᠮᠵᠢᠭᠤᠯᠤᠨ ᠬᠠᠮᠲᠤᠯᠢᠭ ᠤᠨ ᠡᠭᠡᠯᠢᠯᠡᠭᠡ ᠶᠢᠨ ᠪᠦᠲᠦᠮᠵᠢᠲᠡᠶ ᠬᠠᠯᠬᠠᠪᠴᠢ ᠶᠢ ᠡᠷᠲᠡᠬᠡᠨ ᠪᠤᠶ ᠪᠣᠯᠭᠠᠪᠠᠯ ᠰᠠᠶ᠋ᠢ ᠰᠢᠨ᠎ᠡ ᠡᠪᠡᠳᠴᠢᠨ ᠤ ᠦᠷᠪᠢᠰᠦᠯ ᠤᠨ ᠬᠠᠯᠳᠠᠪᠤᠷᠢᠯᠠᠬᠤ ᠵᠠᠮ ᠢ ᠲᠡᠰᠦᠯᠵᠦ ᠴᠢᠳᠠᠨ᠎ᠠ᠃ ᠮᠠᠨ ᠤ ᠬᠤᠲᠠ ᠶᠢᠨ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ ᠦᠷ᠎ᠡ ᠪᠦᠲᠦᠭᠡᠯ ᠢ ᠪᠠᠬᠢᠵᠢᠭᠦᠯᠵᠦ᠂ ᠥᠪᠡᠷ ᠤᠨ ᠪᠡᠶ᠎ᠡ ᠪᠠ ᠪᠤᠰᠤᠳ ᠢ ᠨᠠᠩ ᠰᠠᠶᠢᠲᠤᠷ ᠬᠠᠮᠠᠭᠠᠯᠠᠬᠤ ᠶᠢᠨ ᠲᠥᠯᠥᠭᠡ᠂ ︽ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ᠂ ᠰᠤᠶᠢᠳᠬᠡᠯ ᠬᠤᠷᠢᠶᠠᠬᠤ ᠥᠬᠡᠶ ᠪᠠᠶᠢᠬᠤ︾ ᠵᠠᠷᠴᠢᠮ ᠶᠣᠰᠣᠭᠠᠷ᠂ ᠥᠷᠭᠡᠨ ᠣᠯᠠᠨ ᠲᠦᠮᠡᠨ ᠳᠤ ᠰᠢᠨ᠎ᠡ ᠸᠢᠷᠦ᠋ᠰ ᠤᠨ ᠸᠠᠺᠼᠢᠨ ᠢ ᠡᠷᠲᠡᠬᠡᠨ ᠤᠷᠢᠳᠴᠢᠯᠠᠨ ᠪᠣᠯᠵᠣᠵᠤ ᠳᠠᠷᠢᠭᠤᠯᠬᠤ ᠶᠢ ᠬᠦᠰᠡᠵᠦ ᠪᠠᠶᠢᠨ᠎ᠠ᠃       ᠲᠦᠷᠪᠡ᠂ ᠬᠠᠩᠰᠢ ᠶᠢᠨ ᠡᠳᠦᠷ ᠪᠣᠯᠬᠤ ᠭᠡᠵᠦ ᠪᠠᠶᠢᠭ᠎ᠠ ᠦᠶ᠎ᠡ ᠳᠤ᠂ ᠬᠥᠮᠦᠰ ᠤᠨ ᠰᠢᠯᠵᠢᠯᠲᠡ ᠶᠢᠨ ᠬᠡᠮᠵᠢᠶ᠎ᠡ  ᠨᠡᠮᠡᠭᠳᠡᠨ᠂ ᠥᠷᠭᠡᠨ ᠤᠯᠠᠨ ᠲᠦᠮᠡᠨ ᠬᠥᠮᠦᠨ ᠤᠯᠠᠨ᠂ ᠬᠥᠮᠦᠨ ᠤ ᠤᠷᠤᠰᠬᠠᠯ ᠤᠨ ᠬᠡᠮᠵᠢᠶ᠎ᠡ ᠶᠡᠭᠡ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠵᠦ᠂ ᠬᠤᠪᠢ ᠬᠥᠮᠦᠨ ᠤ ᠬᠠᠮᠠᠭᠠᠯᠠᠯᠲᠠ ᠶᠢ ᠴᠠᠭ ᠢᠮᠠᠭᠲᠠ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠣᠯᠭᠠᠬᠤ ᠬᠡᠷᠡᠭᠲᠡᠶ᠃ ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠵᠤᠶᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ 2021 ᠤᠨ ᠤ 4  ᠰᠠᠷ᠎ᠠ ᠶᠢᠨ 2 ᠤ ᠡᠳᠤᠷ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号