ᠭᠡᠭᠡᠨ ᠭᠤᠤᠯ ᠬᠤᠲᠠ ᠠᠴᠠ ᠬᠥᠯᠥᠨ ᠪᠤᠶᠢᠷ ᠬᠤᠲᠠ ᠶᠢᠨ ᠡᠨᠧᠷᠭᠢ ᠶᠢᠨ ᠬᠤᠷᠤᠭᠤᠳᠠᠭᠤᠯᠤᠯ ᠤᠨ ᠬᠤᠶᠠᠷ ᠢ ᠬᠢᠵᠠᠭᠠᠷᠯᠠᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠬᠠᠮᠤᠭ ᠤᠨ ᠲᠡᠷᠢᠭᠦᠨ ᠳᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/4/7
 ᠬᠥᠯᠥᠨ ᠪᠤᠶᠢᠷ ᠬᠤᠳᠠ ᠶᠢᠨ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠸᠢᠳᠢᠣ᠋ ᠬᠤᠷᠠᠯ ᠲᠡᠭᠦᠰᠦᠭᠰᠡᠨ ᠤ ᠳᠠᠷᠠᠭ᠎ᠠ᠂ ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠭᠧᠩ ᠬᠤᠤ᠂ ᠳᠡᠳ᠋ ᠬᠤᠳᠠ ᠶᠢᠨ ᠳᠠᠷᠤᠭ᠎ᠠ ᠬᠤᠸᠠᠩ ᠱᠤᠤ ᠪᠢᠨ ᠳᠠᠷᠦ᠋ᠢᠬᠠᠨ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     ᠭᠧᠩ ᠬᠤᠤ᠂ ᠬᠤᠸᠠᠩ ᠱᠤᠤ ᠪᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ  ᠱᠠᠭᠠᠷᠳᠠᠭᠰᠠᠨ ᠨᠢ ᠡᠨᠧᠷᠭᠢ ᠶᠢᠨ ᠬᠤᠷᠤᠭᠤᠳᠠᠭᠤᠯᠤᠯ ᠤᠨ ᠬᠤᠶᠠᠷ ᠢ ᠬᠢᠵᠠᠭᠠᠷᠯᠠᠬᠤ ᠪᠣᠯ ᠡᠷᠬᠡᠪᠰᠢ ᠪᠣᠳᠠᠲᠠᠢ ᠠᠳᠬᠤᠵᠤ ᠰᠠᠶᠢᠲᠤᠷ ᠠᠳᠬᠤᠬᠤ ᠴᠢᠬᠤᠯᠠ ᠶᠡᠭᠡ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠤᠨ᠎ᠠ᠃ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠴᠢᠬᠤᠯᠠᠴᠢᠯᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠣᠪᠣᠷ ᠢᠶᠠᠨ ᠲᠥᠪ ᠪᠣᠯᠭᠠᠵᠤ ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠠᠵᠢᠯ ᠤᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠮᠦᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠨᠠᠷᠢᠯᠢᠭ ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠣᠨ ᠤ ᠠᠵᠢᠯ ᠤᠨ ᠲᠥᠯᠥᠪᠯᠡᠭᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠡᠨᠧᠷᠭᠢ ᠶᠢᠨ ᠬᠤᠷᠣᠭᠳᠠᠭᠤᠯᠤᠯ ᠤᠨ  ᠬᠤᠶᠠᠷ ᠢ ᠬᠢᠵᠠᠭᠠᠷᠯᠠᠬᠤ ᠠᠵᠢᠯ ᠤᠨ ᠨᠠᠷᠢᠯᠢᠭ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃ ᠡᠬᠡ ᠪᠢᠴᠢᠭ ᠤᠨ ᠢᠷᠡᠯᠲᠡ᠄ ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪ   ᠵᠤᠬᠢᠶᠠᠭᠴᠢ᠄ ᠯᠢ ᠰᠢᠶᠣᠣ ᠰᠢᠤᠸᠠᠢ   ᠷᠧᠨ ᠪᠣᠣ ᠵᠧᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号