ᠪᠥᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2021/4/9
 ᠨᠠᠮ ᠤᠨ ᠲᠥᠪ ᠬᠤᠷᠢᠶ᠎ᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠪᠣᠯᠤᠨ ᠭᠡᠭᠡᠨ ᠭᠤᠣᠯ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠠᠨ ᠶᠠᠩᠵᠤ ᠶᠢᠨ ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠲᠡᠦᠬᠡ ᠲᠡᠰᠢ ᠰᠢᠨ᠎ᠡ ᠶᠢ ᠡᠭᠦᠳᠴᠦ ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠢᠷᠠᠭᠤ ᠬᠠᠭᠤᠳᠠᠰᠤ ᠶᠢ ᠨᠡᠩ ᠰᠠᠶᠢᠲᠤᠷ ᠪᠢᠴᠢᠭᠯᠡᠭᠦᠯᠪᠡ᠃    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠰᠤᠷᠤᠯᠴᠠᠬᠤ ᠪᠠ ᠠᠵᠢᠯᠯᠠᠬᠤ ᠴᠠᠭ ᠢ ᠵᠦᠢ ᠵᠣᠬᠢᠰᠲᠠᠶ ᠲᠣᠬᠢᠷᠠᠭᠤᠯᠬᠤ ᠶᠢᠨ ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠡᠯ᠎ᠡ ᠨᠢᠭᠡᠴᠢ ᠨᠦᠭᠦᠳ ᠠᠮᠢᠳᠤᠯᠢᠭ ᠪᠥᠭᠡᠳ ᠤᠯᠠᠨ ᠶᠠᠩᠵᠤ ᠶᠢᠨ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ︽ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠤᠷᠤᠢ ᠶᠢᠨ ᠰᠤᠷᠭᠠᠭᠤᠯᠢ︾ ᠶᠢ ᠡᠷᠬᠢᠯᠡᠵᠦ᠂ ᠬᠢᠴᠢᠶᠡᠯᠯᠡᠬᠦ ᠴᠠᠭ ᠢ ᠤᠷᠤᠢ ᠳᠤᠨᠢ ᠲᠣᠬᠢᠷᠠᠭᠤᠯᠵᠤ᠂ ᠠᠵᠢᠯ ᠰᠤᠷᠤᠯᠴᠠᠯᠭ᠎ᠠ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠵᠤ᠂ ᠬᠤᠶᠠᠷ ᠢ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠵᠡᠶ᠃ ᠣᠯᠠᠨ ᠢᠶᠠᠷ ᠢᠶᠠᠨ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠥᠭᠦᠯᠡᠬᠦ ᠨᠢ︾᠂ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ︾ ᠵᠡᠷᠭᠡ ᠲᠤᠯᠭᠤᠷ ᠪᠢᠴᠢᠭ ᠮᠠᠲ᠋ᠧᠷᠢᠶᠠᠯ ᠢ ᠬᠠᠮᠲᠤᠪᠠᠷ ᠰᠤᠷᠤᠯᠴᠠᠪᠠ᠃ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶᠢᠯᠠᠭᠠᠯᠲᠠ ᠪᠠᠨ ᠶᠠᠷᠢᠵᠤ᠂ ᠲᠠᠨᠢᠯᠲᠠ ᠪᠠᠨ ᠶᠠᠷᠢᠵᠤ᠂ ᠠᠵᠢᠯ ᠢᠶᠠᠨ ᠶᠠᠷᠢᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠰᠣᠯᠢᠯᠴᠠᠭᠠᠨ ᠤ ᠳᠤᠮᠳᠠ ᠤᠶᠤᠨ ᠤᠬᠠᠭᠠᠨ ᠤ ᠤᠴᠢ ᠨᠡᠮᠡᠷᠢᠯᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠶᠢᠨ ᠬᠥᠳᠡᠯᠭᠡᠬᠦ ᠬᠦᠴᠦᠨ ᠪᠠ ᠦᠷ᠎ᠡ ᠪᠦᠲᠦᠮᠵᠢ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠢ᠃ ᠡᠬᠡ ᠪᠢᠴᠢᠭ ᠤᠨ ᠢᠷᠡᠯᠲᠡ᠄ ᠭᠡᠭᠡᠨ ᠭᠤᠣᠯ ᠬᠤᠲᠠ ᠶᠢᠨ ᠬᠠᠮ ᠵᠠᠭᠤᠴᠢᠯᠠᠭᠤᠷ ᠤᠨ ᠲᠥᠪ   ᠵᠤᠬᠢᠶᠠᠭᠴᠢ᠄ ᠯᠢ ᠰᠢᠶᠣᠣ ᠰᠢᠤᠸᠠᠢ   ᠵᠢᠢ ᠮᠢᠩ ᠶᠠᠨ
 
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号