6 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠣᠯ | ᠬᠤᠳᠠ ᠵᠢᠨᠬᠤᠷᠢᠶᠡ᠂ ᠭᠡᠭᠡᠨ ᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ | ᠭᠡᠭᠡᠨ ᠭᠤᠣᠯ ᠬᠤᠳᠠ ᠶᠢᠨ ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ᠂ ᠬᠤᠳᠠ ᠶᠢᠨ ᠰᠣᠶᠣᠯ ᠵᠤᠭᠠᠴᠠᠯ ᠷᠠᠳᠢᠣ᠋ | ᠲᠧᠯᠸᠢᠰ ᠤᠨ ᠲᠤᠪᠴᠢᠶ᠎ᠡ᠂ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠳᠠ ᠶᠢᠨ ᠬᠠᠮ | ᠵᠠᠭᠤᠴᠢᠯᠠᠭᠤᠷ ᠤᠨ ᠲᠥᠪ᠂ ᠬᠤᠳᠠ ᠶᠢᠨ ᠰᠣᠶᠣᠯ ᠤᠨ ᠣᠷᠳᠣᠨ᠂ ᠬᠤᠳᠠ ᠶᠢᠨ ᠤᠯᠠᠭᠠᠨᠮᠥ᠋ᠴᠢᠷ ᠤᠨ ᠳᠠᠭᠠᠭᠠᠴᠢᠯᠠᠨ | ᠡᠷᠬᠢᠯᠡᠭᠰᠡᠨ ︽ᠥᠨᠢ ᠡᠭᠦᠷᠢᠳᠡ ᠨᠠᠮ ᠢᠶᠠᠨ ᠳᠠᠭᠠᠬᠤ︾ ᠭᠡᠭᠡᠨ ᠭᠤᠣᠯ ᠬᠤᠳᠠ ᠶᠢᠨ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠤᠯᠠᠨ ᠲᠦᠮᠡᠨᠴᠢ ᠰᠣᠶᠣᠯ ᠤᠨ ᠰᠢᠷᠢᠰ | ᠠᠵᠢᠯᠯᠠᠭ᠎ᠠ ᠡᠷᠡᠨ ᠵᠠᠭᠤᠨ ᠤ ᠠᠭᠤᠳᠠᠮ ᠲᠠᠯᠠᠪᠠᠢ ᠳᠤ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠴᠧᠩ ᠱᠢ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧ ᠴᠢ ᠮᠢᠩ ᠵᠡᠷᠭᠡ | ᠬᠤᠲᠠ ᠶᠢᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ | ᠤᠯᠠᠭᠠᠨᠮᠥ᠋ᠴᠢᠷ ᠤᠨ ᠪᠥᠵᠢᠭ ᠤᠨ ᠠᠩᠬᠢ ᠶᠢᠨ ᠭᠤᠶᠢᠳᠠ ᠰᠠᠶᠢᠬᠠᠨ ᠪᠥᠵᠢᠭ ︽ᠳᠠᠶᠢᠯᠠᠯᠭ᠎ᠠ ᠶᠢᠨ ᠳᠠᠭᠤᠤ︾ | ᠳᠤ ᠬᠥᠰᠢᠭᠡ ᠪᠠᠨ ᠰᠡᠬᠦᠪᠡ᠃ ᠲᠣᠭᠯᠠᠯᠲᠠ ᠨᠢ ᠨᠠᠮ ᠢ ᠮᠠᠭᠲᠠᠨ ᠳᠠᠭᠤᠯᠠᠬᠤ᠂ ᠠᠷᠠᠳ ᠲᠦᠮᠡᠨ ᠢ ᠮᠠᠭᠲᠠᠨ | ᠳᠠᠭᠤᠯᠠᠬᠤ᠂ ᠠᠭᠤᠤ ᠶᠡᠭᠡ ᠴᠠᠭ ᠦᠶ᠎ᠡ ᠶᠢ ᠮᠠᠭᠲᠠᠨ ᠳᠠᠭᠤᠯᠠᠬᠤ ᠪᠠᠷ ᠭᠤᠤᠯ ᠰᠡᠳᠦᠪ ᠪᠣᠯᠭᠠᠵᠤ᠂ ᠳᠠᠭᠤᠤ᠂ | ᠪᠥᠵᠢᠭ᠂ ᠰᠢᠯᠦᠭ ᠤᠶᠠᠩᠭᠠᠯᠠᠬᠤ᠂ ᠬᠦᠭᠵᠢᠮᠳᠡᠬᠦᠷ ᠤᠨ ᠬᠥᠭᠵᠢᠮ ᠬᠥᠭᠵᠢᠮᠳᠡᠬᠦ ᠵᠡᠷᠭᠡ ᠣᠯᠠᠨ ᠵᠦᠶ᠋ᠯ ᠤᠨ | ᠲᠣᠭᠯᠠᠯᠲᠠ ᠶᠢᠨ ᠬᠡᠯᠪᠡᠷᠢ ᠶᠢ ᠡᠮᠬᠢᠳᠬᠡᠨ᠂ ᠣᠯᠠᠨ ᠶᠠᠩᠵᠤ ᠶᠢᠨ ᠬᠡᠪ ᠨᠠᠮᠪᠠ ᠲᠠᠢ᠂ ᠭᠤᠶᠢᠳᠠ ᠰᠠᠶᠢᠬᠠᠨ | ᠲᠣᠭᠯᠠᠯᠲᠠ ᠭᠠᠷᠭᠠᠵᠤ᠂ ᠦᠶ ᠣᠯᠠᠨ ᠬᠤᠲᠠ ᠶᠢᠨ ᠠᠷᠠᠳ ᠤᠨ ᠰᠣᠨᠢᠷᠬᠠᠯ ᠢ ᠲᠠᠲᠠᠭᠰᠠᠨ ᠪᠠᠶᠢᠨ᠎ᠠ᠃ | ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠲᠣᠭᠯᠠᠭᠴᠢᠳ ᠨᠢ ᠲᠤᠰ ᠲᠤᠰ ᠬᠤᠳᠠ ᠶᠢᠨ | ᠤᠯᠠᠭᠠᠨᠮᠥ᠋ᠴᠢᠷ᠂ ᠬᠤᠳᠠ ᠶᠢᠨ ᠰᠣᠶᠣᠯ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠲᠣᠭᠯᠠᠯᠲᠠ ᠶᠢᠨ | ᠨᠡᠶᠢᠭᠡᠮᠯᠢᠭ᠂ ᠲᠣᠭᠯᠠᠯᠲᠠ ᠶᠢᠨ ᠪᠦᠯᠬᠦᠮ ᠠᠴᠠ ᠢᠷᠡᠵᠠᠢ᠃ ᠠᠬᠠᠮᠠᠳ᠂ ᠢᠳᠡᠷᠴᠦᠳ᠂ ᠵᠠᠯᠠᠭᠤᠴᠤᠳ᠂ | ᠪᠠᠭᠠᠴᠤᠳᠲ᠋ᠥ᠋ᠷᠪᠡᠨ ᠦᠶ᠎ᠡ ᠶᠢᠨ ᠲᠣᠭᠯᠠᠭᠴᠢᠳ ᠥᠪᠡᠷ ᠥᠪᠡᠷ ᠤᠨ ᠴᠤᠭ ᠵᠢᠪᠬᠤᠭ᠎ᠠ ᠪᠠᠨ ᠬᠠᠨᠲᠠᠯ᠎ᠠ ᠳᠡᠯᠭᠡᠨ | ᠦᠵᠡᠭᠦᠯᠵᠦ᠂ ᠬᠠᠮᠲᠤ ᠪᠠᠷ ᠤᠷᠠᠯᠢᠭ ᠢᠶᠠᠨ ᠢᠯᠡᠷᠡᠭᠦᠯᠦᠨ᠂ ᠨᠠᠮ ᠪᠠ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ | ᠰᠡᠳᠬᠢᠯᠭᠡ ᠪᠠᠨ ᠤᠷᠠᠯᠢᠭ ᠢᠶᠠᠷ ᠤᠶᠠᠩᠭᠠᠯᠠᠨ ᠢᠯᠡᠳᠬᠡᠵᠡᠶ᠃ | ᠬᠦᠳᠡᠯᠭᠡᠭᠡᠨ ᠤ ᠲᠠᠯᠠᠪᠤᠷ ᠲᠤ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠠᠰᠠ | ᠦᠵᠡᠰᠬᠦᠯᠡᠩ ᠤᠨ ᠲᠠᠯᠠᠪᠠᠢ ᠭᠠᠷᠭᠠᠵᠤ᠂ ᠣᠯᠠᠨ ᠨᠡᠶᠢᠲᠡ ᠳᠤ ᠬᠡᠷᠡᠯ ᠵᠢᠷᠤᠭ ᠤᠨ ᠪᠦᠲᠦᠭᠡᠯ᠂ ᠦᠨᠳᠦᠰᠦᠲᠡᠨ ᠤ | ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠨ ᠤ ᠰᠡᠶᠢᠯᠦᠮᠡᠯ᠂ | ᠵᠢᠷᠤᠭ ᠤᠨ ᠪᠦᠲᠦᠭᠡᠯ ᠵᠡᠷᠭᠡ ᠶᠢ ᠳᠡᠯᠭᠡᠨ ᠦᠵᠡᠭᠦᠯᠵᠦ᠂ ᠭᠤᠶᠢᠲᠠ ᠰᠠᠶᠢᠬᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠣᠯᠭᠠᠵᠠᠶ᠃ | ᠡᠨᠡ ᠤᠳᠠᠭᠠᠨ ᠤ ᠣᠯᠠᠨ ᠲᠦᠮᠡᠨᠴᠢ ᠰᠣᠶᠣᠯ ᠤᠨ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠨᠢ ᠨᠠᠮ ᠢᠶᠠᠨ | ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠡᠯ᠎ᠡ ᠦᠨᠳᠦᠰᠦᠲᠡᠨ ᠡᠯ᠎ᠠ ᠺᠠᠳ᠋ᠷ ᠣᠯᠠᠨ ᠲᠦᠮᠡᠨ ᠤ | ᠰᠡᠳᠬᠢᠯ ᠳᠤ ᠦᠨᠳᠦᠰᠦᠯᠡᠭᠦᠯᠦᠭᠰᠡᠨ ᠢᠶᠠᠷ ᠪᠠᠷᠠᠬᠤ ᠦᠭᠡᠢ᠂ ᠮᠠᠨ ᠤ ᠬᠤᠲᠠ ᠶᠢᠨ ᠠᠷᠠᠳ ᠣᠯᠠᠨ ᠤ ᠠᠵᠢᠯ ᠤᠨ | ᠴᠢᠯᠥᠭᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠰᠠᠨ ᠪᠠᠶᠢᠨ᠎ᠠ᠃ | |