ᠴᠢᠮ᠎ᠠ ᠲᠠᠢ ᠬᠠᠮᠢᠶ᠎ᠠ ᠲᠠᠢ︕ ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠨᠡᠶᠢᠲᠡᠯᠡᠭᠳᠡᠪᠡ ᠁
ᠨᠡᠶᠢᠲᠡᠯᠡᠭᠰᠡᠨ ᠴᠠᠭ᠄
2021/7/23
     7 ᠰᠠᠷ᠎ᠠ ᠶᠢᠨ 15 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠮᠡᠳᠡᠭᠡ ᠨᠡᠶᠢᠲᠡᠯᠡᠵᠦ᠂ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠡᠷᠭᠡᠵᠢᠯ ᠤᠨ ᠴᠣᠯᠠ ᠶᠢᠨ ᠲᠦᠷᠢᠮ ᠢ ᠰᠢᠨᠵᠢᠯᠡᠬᠦ ᠤᠬᠠᠭᠠᠨᠴᠢ ᠪᠠᠷ ᠥᠭᠡᠷᠡᠴᠢᠯᠡᠵᠦ᠂ ᠦᠨᠡᠯᠡᠬᠦ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠦᠨᠡᠯᠡᠬᠦ ᠠᠷᠭ᠎ᠠ ᠬᠡᠯᠪᠡᠷᠢ ᠶᠢ ᠥᠭᠡᠷᠡᠴᠢᠯᠡᠬᠦ᠂ ᠬᠢᠨᠠᠨ ᠲᠣᠭᠲᠠᠭᠠᠬᠤ ᠡᠷᠬᠡ ᠮᠡᠳᠡᠯ ᠢ ᠵᠦᠶ ᠵᠣᠬᠢᠰᠲᠠᠶ ᠪᠠᠷ ᠳᠣᠷᠣᠭᠰᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠨᠠᠩ ᠰᠢᠨᠵᠢᠯᠡᠬᠦ ᠤᠬᠠᠭᠠᠨᠴᠢ ᠪᠤᠰᠤᠳᠴᠢ ᠪᠥᠭᠡᠳ ᠲᠥᠪ ᠭᠤᠤᠯᠴᠢ ᠪᠠᠷ ᠦᠨᠡᠯᠡᠨ᠎ᠡ ᠭᠡᠪᠡ᠃ ᠦᠨᠡᠯᠡᠬᠦ ᠪᠠᠷᠢᠮᠵᠢᠶ᠎ᠠ ᠶᠢ ᠲᠡᠭᠦᠯᠳᠡᠷᠵᠢᠭᠦᠯᠬᠦ᠃ ᠵᠠᠩ ᠮᠣᠷᠠᠯ᠂ ᠴᠢᠳᠠᠪᠤᠷᠢ ᠪᠠ ᠠᠮᠵᠢᠯᠲᠠ ᠪᠦᠲᠦᠮᠵᠢ ᠶᠢ ᠦᠨᠡᠯᠡᠬᠦ ᠤᠳᠤᠷᠢᠳᠤᠮᠵᠢ ᠶᠢ ᠳᠣᠪᠤᠶᠢᠯᠭᠠᠨ᠎ᠠ᠃ ᠵᠠᠩ ᠮᠣᠷᠠᠯ ᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠨᠡᠯᠡᠯᠲᠡ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠡᠷᠳᠡᠮ ᠰᠢᠨᠵᠢᠯᠡᠭᠡᠨ ᠤ ᠬᠤᠳᠠᠯ ᠬᠠᠭᠤᠷᠮᠠᠭ ᠢᠶᠠᠷ ᠵᠣᠬᠢᠶᠠᠬᠤ ᠶᠠᠪᠤᠳᠠᠯ ᠳᠤ ︽ᠨᠢᠭᠡ ᠪᠢᠯᠧᠲ ᠢᠶᠠᠷ ᠦᠭᠡᠶᠢᠰᠬᠡᠬᠦ ᠲᠦᠷᠢᠮ︾ ᠢ ᠬᠡᠷᠡᠭᠵᠢᠭᠦᠯᠵᠦ᠂ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠬᠦ ᠪᠠᠷ ᠳᠡᠮᠵᠢᠨ ᠣᠯᠤᠭᠰᠠᠨ ᠮᠡᠷᠭᠡᠵᠢᠯ ᠤᠨ ᠴᠣᠯᠠ ᠶᠢ ᠴᠥᠮ ᠬᠦᠴᠦᠨ ᠥᠬᠡᠶ ᠪᠣᠯᠭᠠᠵᠤ᠂ ᠢᠲᠡᠭᠡᠮᠵᠢ ᠠᠯᠳᠠᠭᠰᠠᠳ ᠢ ᠭᠤᠷᠪᠠᠨ ᠵᠢᠯ ᠤᠨ ᠳᠣᠲᠣᠷ᠎ᠠ ᠮᠡᠷᠭᠡᠵᠢᠯ ᠤᠨ ᠴᠣᠯᠠ ᠬᠢᠨᠠᠨ ᠲᠤᠬᠳᠠᠭᠠᠬᠤ ᠳᠤ ᠭᠤᠶᠤᠴᠢᠯᠠᠨ ᠮᠡᠳᠡᠭᠦᠯᠬᠦ ᠳᠤ ᠤᠷᠤᠯᠴᠠᠭᠤᠯᠬᠤ ᠥᠬᠡᠶ︔ ᠴᠢᠳᠠᠪᠤᠷᠢ᠂ ᠠᠵᠢᠯ ᠤᠨ ᠪᠦᠲᠦᠮᠵᠢ ᠶᠢᠨ ᠲᠠᠯ᠎ᠠ ᠪᠠᠷ ᠥᠭᠦᠯᠡᠯ ᠢ ᠯᠡ ᠡᠷᠬᠢᠮᠯᠡᠬᠦ᠂ ᠰᠤᠷᠤᠯᠭ᠎ᠠ ᠶᠢᠨ ᠨᠠᠮᠲᠠᠷ ᠢ ᠯᠠ ᠡᠷᠬᠢᠮᠯᠡᠬᠦ᠂ ᠬᠢᠷᠢ ᠬᠡᠮ ᠢ ᠯᠡ ᠡᠷᠬᠢᠮᠯᠡᠬᠦ᠂ ᠱᠠᠩᠨᠠᠯ ᠤᠨ ᠵᠦᠢᠯ ᠢ ᠯᠡ ᠡᠷᠬᠢᠮᠯᠡᠬᠦ ᠵᠡᠷᠭᠡ ᠬᠡᠯᠪᠡᠷᠢᠯ ᠢ ᠲᠡᠪᠴᠢᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ᠂ ᠦᠢᠯᠡᠳᠦᠯᠭᠡ ᠶᠢᠨ ᠴᠢᠨᠠᠷ᠂ ᠪᠦᠲᠦᠭᠡᠯᠴᠢ ᠴᠢᠨᠠᠷ ᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠦᠢᠯᠡᠳᠦᠯᠭᠡ ᠶᠢᠨ ᠴᠢᠨᠠᠷ᠂ ᠠᠵᠢᠯᠯᠠᠬᠤ ᠴᠢᠨᠠᠷ ᠢᠶᠠᠷ ᠴᠢᠩᠭ᠎ᠠ᠂ ᠰᠤᠳᠤᠯᠭᠠᠨ ᠤ ᠰᠢᠨᠵᠢ ᠴᠢᠨᠠᠷ ᠨᠢ ᠢᠯᠡᠷᠬᠡᠶ ᠪᠤᠰᠤ ᠮᠡᠷᠭᠡᠵᠢᠯ ᠤᠨ ᠴᠣᠯᠠ ᠶᠢᠨ ᠰᠢᠷᠢᠰ ᠲᠤ᠂ ᠥᠭᠦᠯᠡᠯ ᠤᠨ ᠱᠠᠭᠠᠷᠳᠠᠯᠭ᠎ᠠ ᠭᠠᠷᠭᠠᠬᠤ ᠥᠬᠡᠶ ᠪᠠᠶᠢᠵᠤ᠂ ᠪᠤᠰᠤᠳ ᠦᠷ᠎ᠡ ᠪᠦᠲᠦᠭᠡᠯ ᠤᠨ ᠬᠡᠯᠪᠡᠷᠢ ᠪᠠᠷ ᠥᠭᠦᠯᠡᠯ ᠤᠨ ᠱᠠᠭᠠᠷᠳᠠᠯᠭ᠎ᠠ ᠶᠢ ᠣᠷᠣᠯᠠᠭᠤᠯᠬᠤ ᠶᠢ ᠬᠠᠶᠢᠨ ᠰᠦᠪᠡᠭᠴᠢᠯᠡᠨ᠎ᠡ᠃ ᠥᠭᠦᠯᠡᠯ ᠤᠨ ᠱᠠᠭᠠᠷᠳᠠᠯᠭ᠎ᠠ ᠲᠠᠢ ᠰᠢᠷᠢᠰ ᠲᠤ ᠲᠥᠯᠥᠭᠡᠯᠡᠬᠦ ᠪᠦᠲᠦᠭᠡᠯ ᠤᠨ ᠲᠦᠷᠢᠮ ᠢ ᠬᠡᠷᠡᠭᠵᠢᠭᠦᠯᠵᠦ᠂ ᠦᠷ᠎ᠡ ᠪᠦᠲᠦᠭᠡᠯ ᠤᠨ ᠶᠠᠰᠤ ᠴᠢᠨᠠᠷ ᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ ᠥᠭᠦᠯᠡᠯ ᠤᠨ ᠲᠤᠭ᠎ᠠ ᠬᠡᠮᠵᠢᠶᠡᠨ ᠤ ᠱᠠᠭᠠᠷᠳᠠᠯᠭ᠎ᠠ ᠲᠠᠯᠪᠢᠬᠤ ᠶᠢ ᠰᠤᠯᠠᠷᠠᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠬᠦ᠂ ᠲᠤᠰᠬᠠᠢ ᠠᠰᠢᠭ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠦᠨᠡᠯᠡᠬᠦ ᠭᠦᠢᠴᠡᠳᠬᠡᠯ ᠲᠤᠭ᠎ᠠ ᠶᠢᠨ ᠡᠵᠡᠯᠡᠮᠵᠢ ᠶᠢ ᠨᠡᠮᠡᠭᠳᠡᠭᠦᠯᠵᠦ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠭᠤᠳ ᠮᠡᠳᠡᠭᠦᠯᠵᠦ ᠪᠣᠯᠤᠨ᠎ᠠ᠃ ᠦᠨᠡᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠃ ᠠᠵᠢᠯ ᠨᠢᠭᠡᠲᠡᠨ ᠤ ᠲᠤᠰᠬᠠᠶ ᠮᠡᠷᠭᠡᠵᠢᠯᠲᠡᠨ ᠬᠢᠨᠠᠨ ᠲᠤᠬᠳᠠᠭᠠᠬᠤ ᠪᠠᠷ ᠰᠠᠭᠤᠷᠢ ᠪᠣᠯᠭᠠᠭᠰᠠᠨ ᠠᠵᠢᠯ ᠲᠥᠷᠥᠯ ᠤᠨ ᠳᠣᠲᠣᠭᠠᠳᠤ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ᠡᠭᠦᠨ ᠤ ᠬᠠᠮᠲᠤ ᠰᠢᠯᠭᠠᠬᠤ ᠪᠠ ᠦᠨᠡᠯᠡᠬᠦ ᠶᠢ ᠤᠶᠠᠯᠳᠤᠭᠤᠯᠵᠤ᠂ ᠰᠢᠯᠭᠠᠬᠤ ᠪᠠᠷ ᠦᠨᠡᠯᠡᠬᠦ ᠶᠢ ᠣᠷᠣᠯᠠᠭᠤᠯᠬᠤ᠂ ᠨᠢᠭᠤᠷᠲᠠᠨ ᠰᠢᠯᠭᠠᠵᠤ ᠨᠣᠮ ᠬᠠᠶᠠᠯᠴᠠᠬᠤ ᠵᠡᠷᠭᠡ ᠣᠯᠠᠨ ᠵᠦᠢᠯ ᠤᠨ ᠦᠨᠡᠯᠡᠬᠦ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠬᠠᠨᠳᠤᠯᠭᠠᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠨᠡᠪᠲᠡᠷᠡᠭᠦᠯᠬᠦ ᠬᠦᠷᠢᠶ᠎ᠡ ᠴᠠᠷᠠᠭ᠎ᠠ ᠶᠢ ᠢᠨᠵᠧᠨᠧᠷᠢᠩ᠂ ᠲᠠᠷᠢᠶᠠᠯᠠᠩ᠂ ᠭᠠᠷ ᠤᠷᠠᠯᠠᠯ ᠤᠷᠠᠨ ᠵᠢᠷᠤᠭ ᠵᠡᠷᠭᠡ 8 ᠰᠢᠷᠢᠰ ︵ᠲᠤᠰᠬᠠᠶ ᠮᠡᠷᠭᠡᠵᠢᠯ︶ ᠪᠣᠯᠭᠠᠨ ᠥᠷᠭᠡᠳᠬᠡᠨ᠎ᠡ᠃ ᠬᠢᠨᠠᠨ ᠲᠣᠭᠲᠠᠭᠠᠬᠤ ᠡᠷᠬᠡ ᠮᠡᠳᠡᠯ ᠢ ᠳᠣᠷᠣᠭᠰᠢ ᠪᠠᠭᠤᠯᠭᠠᠬᠤ᠃ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠶᠠᠪᠤᠴᠠ ᠳᠠᠬᠢ ᠬᠥᠮᠦᠨ ᠬᠡᠷᠡᠭᠯᠡᠬᠦ ᠭᠤᠤᠯ ᠴᠣᠭᠴᠠ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ ᠮᠡᠳᠡᠯ ᠢ ᠨᠥᠬᠦᠴᠡᠯ ᠳᠤ ᠨᠡᠶᠢᠴᠡᠬᠦ ᠠᠶᠢᠮᠠᠭ ᠬᠤᠲᠠ ᠪᠠ ᠬᠥᠮᠦᠨ ᠬᠡᠷᠡᠭᠯᠡᠬᠦ ᠨᠢᠭᠡᠴᠡ ᠳᠤ ᠠᠯᠬᠤᠮ ᠠᠯᠬᠤᠮ ᠢᠶᠠᠷ ᠪᠠᠭᠤᠯᠭᠠᠨ᠎ᠠ᠃ ᠡᠨᠡ ᠵᠢᠯ 15 ᠭᠤᠤᠯᠯᠠᠬᠴᠢ ᠵᠢᠱᠢᠶ᠎ᠡ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ ᠮᠡᠳᠡᠯ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠳ᠋ ᠳᠡᠭᠡᠳᠦ ᠵᠡᠷᠭᠡ ︵ᠳᠤᠮᠳᠠ ᠪᠠ ᠠᠩᠬ᠎ᠠ ᠵᠡᠷᠭᠡ ᠶᠢᠨ ᠮᠡᠷᠭᠡᠵᠢᠯ ᠤᠨ ᠪᠠᠭᠲᠠᠨ᠎ᠠ︶ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ ᠮᠡᠳᠡᠯ ᠢ ᠰᠤᠷᠭᠠᠭᠤᠯᠢ ᠳᠤ ᠪᠠᠭᠤᠯᠭᠠᠵᠤ᠂ ᠰᠤᠷᠭᠠᠭᠤᠯᠢ ᠠᠴᠠ ᠪᠡᠶ᠎ᠡ ᠪᠠᠨ ᠳᠠᠭᠠᠭᠠᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠮᠡᠳᠡᠯ ᠢ ᠨᠥᠬᠦᠴᠡᠯ ᠪᠦᠷᠢᠯᠳᠦᠭᠰᠡᠨ ᠠᠶᠢᠮᠠᠭ ᠬᠤᠲᠠ ᠳᠤ ᠪᠠᠭᠤᠯᠭᠠᠨ᠎ᠠ᠃ ᠰᠠᠭᠠᠳ ᠦᠭᠡᠢ ᠨᠡᠪᠲᠡᠷᠡᠬᠦ ᠵᠠᠮ ᠨᠡᠭᠡᠭᠡᠬᠦ᠃ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ᠂ ᠬᠢᠷᠢ ᠬᠡᠮ᠂ ᠵᠢᠯ ᠬᠤᠭᠤᠴᠠᠭ᠎ᠠ ᠵᠡᠷᠭᠡ ᠨᠥᠬᠦᠴᠡᠯ ᠤᠨ ᠲᠠᠯ᠎ᠠ ᠪᠠᠷ ᠬᠢ ᠬᠢᠵᠠᠭᠠᠷᠯᠠᠯ ᠢ ᠠᠭᠤᠵᠢᠭᠤ ᠲᠠᠯᠪᠢᠵᠤ᠂ ᠨᠢᠭᠡ ᠨᠢᠭᠡ ᠤᠴᠢᠷ ᠶᠠᠪᠤᠳᠠᠯ ᠢᠶᠠᠷ ᠵᠥᠪᠯᠡᠵᠦ ᠲᠣᠭᠲᠠᠭᠠᠬᠤ ᠶᠢ ᠬᠡᠷᠡᠭᠵᠢᠭᠦᠯᠦᠨ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠤᠨ᠎ᠠ᠃ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠠᠷᠠᠭᠠᠯᠵᠠᠯ ᠦᠵᠡᠬᠦᠯᠬᠦ᠃ ᠬᠠᠲᠠᠭᠤᠵᠢᠯᠲᠠᠶ ᠬᠢᠯᠢ ᠬᠢᠵᠠᠭᠠᠷ ᠣᠷᠣᠨ ᠪᠣᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤ ᠭᠤᠤᠯᠳᠠᠭᠤ ᠪᠣᠳᠠᠲᠠᠶ ᠠᠵᠢᠯ ᠤᠨ ᠠᠮᠵᠢᠯᠲᠠ ᠶᠢ ᠨᠢ ᠰᠢᠯᠭᠠᠨ ᠪᠠᠶᠢᠴᠠᠭᠠᠵᠤ᠂ ᠥᠭᠦᠯᠡᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠱᠠᠭᠠᠷᠳᠠᠯᠭ᠎ᠠ ᠭᠠᠷᠭᠠᠬᠤ ᠦᠭᠡᠶ᠃ ᠨᠢᠭᠡᠳᠦᠭᠡᠷ ᠹᠷᠣᠨᠲ ᠲᠤ ᠣᠷᠳᠣ ᠬᠤᠭᠤᠴᠠᠭ᠎ᠠ ᠪᠠᠷ ᠠᠵᠢᠯᠯᠠᠭᠰᠠᠨ ᠲᠤᠰᠬᠠᠶ ᠮᠡᠷᠭᠡᠵᠢᠯ ᠤᠨ ᠠᠵᠢᠯᠲᠠᠨ ᠢ ᠰᠤᠷᠤᠯᠭ᠎ᠠ ᠶᠢᠨ ᠨᠠᠮᠲᠠᠷ᠂ ᠲᠤᠰᠬᠠᠶ ᠮᠡᠷᠭᠡᠵᠢᠯ ᠢᠶᠠᠷ ᠬᠢᠵᠠᠭᠠᠷᠯᠠᠬᠤ ᠥᠬᠡᠶ᠂ ᠨᠢᠭᠡ ᠳᠡᠰ ᠥᠨᠳᠥᠷ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ᠱᠠᠲᠤ ᠠᠯᠭᠠᠰᠠᠨ ᠣᠷᠣᠯᠴᠠᠵᠦ ᠪᠤᠯᠤᠨ᠎ᠠ᠃ ᠡᠭᠦᠨ ᠤ ᠬᠠᠮᠲᠤ᠂ ᠡᠨᠡ ᠵᠢᠯ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠢᠨᠠᠨ ᠲᠤᠬᠳᠠᠭᠠᠬᠤ ᠲᠤᠷᠰᠢᠯᠲᠠ ᠶᠢ ᠥᠷᠨᠢᠭᠦᠯᠵᠦ᠂ ᠰᠢᠯᠢᠳᠡᠭ ᠴᠢᠳᠠᠪᠤᠷᠢᠲᠠᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠭᠠᠪᠢᠶ᠎ᠠ ᠵᠢᠳᠬᠦᠯ ᠪᠠᠶᠢᠭᠤᠯᠬᠤ ᠶᠢ ᠵᠣᠷᠢᠭᠵᠢᠭᠤᠯᠤᠨ᠎ᠠ ᠬᠡᠵᠡᠢ᠃
 
ᠢᠷᠡᠯᠲᠡ᠄ ᠦᠪᠦᠷ ᠮᠤᠩᠭᠤᠯ ᠤᠨ ᠠᠷᠠᠳ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号