ᠭᠡᠭᠡᠨ ᠭᠤᠣᠯ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ﹇2021﹈ 10 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/8/13
   ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ‌‍ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠭᠡᠨ ᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 8 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠭᠡᠭᠡᠨ ᠭᠤᠤᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠣᠳᠠᠲᠤ ᠰᠣᠷᠢᠯᠲᠠ ᠶᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠰᠣᠷᠢᠯᠲᠠ ᠶᠢᠨ ᠴᠠᠭ᠄ 2021 ᠣᠨ ᠤ 8 ᠰᠠᠷ᠎ᠠ ᠶᠢᠨ 13 ᠤ ᠡᠳᠦᠷ ᠤᠨ 14᠄ 30    ᠬᠤᠶᠠᠷ᠂ ᠰᠣᠷᠢᠯᠲᠠ ᠳᠤ ᠣᠷᠣᠯᠴᠠᠭᠰᠠᠳ ᠵᠢᠴᠢ ᠭᠠᠵᠠᠷ᠄ ᠪᠣᠳᠠᠲᠤ ᠪᠠᠶᠢᠯᠳᠤᠭᠠᠨ ᠤ ᠰᠣᠷᠢᠯᠲᠠ ᠳᠤ ᠣᠷᠣᠯᠴᠠᠭᠰᠠᠳ ᠨᠢ ᠬᠤᠲᠠ ᠶᠢᠨ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠲᠤᠰᠬᠠᠶ ᠵᠦᠢᠯ ᠤᠨ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠡ᠂ ᠣᠶ ᠰᠢᠭᠤᠶ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠤᠨ ᠶᠠᠨ ᠱᠠᠨ ᠪᠠᠭ᠎ᠠ ᠲᠣᠭᠤᠷᠢᠭ ᠤᠨ ᠬᠡᠰᠡᠭ ᠰᠠᠭᠤᠭᠠᠯᠢ ᠠᠷᠠᠳ ︵ᠰᠣᠷᠢᠯᠲᠠ ᠳᠤ ᠪᠣᠳᠠᠲᠠᠶ ᠣᠷᠣᠯᠴᠠᠭᠰᠠᠳ ᠢ ᠣᠶ ᠰᠢᠭᠤᠶ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠠᠴᠠ ᠮᠡᠳᠡᠭᠳᠡᠨ᠎ᠡ︶ ᠪᠠᠶᠢᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠭᠠᠵᠠᠷ ᠨᠢ ᠭᠡᠭᠡᠨ ᠭᠤᠤᠯ ᠬᠤᠲᠠ ᠶᠢᠨ ᠰᠢᠩ ᠠᠨ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠪᠣᠯᠤᠨ᠎ᠠ᠃   ᠭᠤᠷᠪᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠳᠤ ᠣᠷᠣᠯᠴᠠᠭᠰᠠᠳ ᠨᠡᠶᠢᠭᠡᠮ ᠲᠣᠭᠤᠷᠢᠭ ᠤᠨ ᠲᠣᠬᠢᠷᠠᠭᠤᠯᠤᠯᠲᠠ ᠶᠢ ᠳᠠᠭᠠᠵᠤ᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠶᠢ ᠳᠠᠭᠠᠵᠤ᠂ ᠪᠡᠶ᠎ᠡ ᠶᠢᠨ ᠳᠤᠯᠠᠭᠠᠨ ᠤ ᠬᠢᠨᠠᠨ ᠬᠡᠮᠵᠢᠯᠲᠡ ᠶᠢ ᠬᠠᠮᠵᠢᠯᠴᠠᠨ ᠰᠠᠶᠢᠲᠤᠷ ᠬᠢᠬᠦ ᠶᠢᠨ ᠬᠠᠮᠲᠤ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ︵ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠡᠮᠬᠢ ᠵᠢᠷᠤᠮ ᠲᠠᠢ ᠮᠥᠷᠯᠡᠨ᠂ ᠶᠠᠷᠢᠯᠴᠠᠬᠤ ᠠᠴᠠ ᠵᠠᠶᠢᠯᠠᠰᠬᠢᠵᠦ᠂ 1 ᠮᠧᠲᠷ ᠠᠴᠠ ᠳᠡᠭᠡᠭᠰᠢ ᠪᠦᠲᠦᠮᠵᠢᠲᠡᠶ ᠵᠠᠶ ᠲᠠᠢ ᠪᠠᠶᠢᠯᠭᠠᠵᠤ᠂ ᠬᠠᠨᠢᠶᠠᠵᠤ ᠨᠠᠶᠢᠲᠠᠭᠠᠬᠤ ᠦᠶ᠎ᠡ ᠳᠤ ᠠᠮᠠ ᠬᠠᠮᠠᠷ ᠢᠶᠠᠨ ᠬᠠᠯᠬᠠᠯᠠᠵᠤ᠂ ᠭᠠᠵᠠᠷ ᠪᠣᠯᠭᠠᠨ ᠳᠤ ᠨᠤᠯᠮᠤᠵᠤ ᠪᠣᠯᠬᠤ ᠥᠬᠡᠶ᠃  ᠦᠯᠢᠭᠡᠷ ᠠᠪᠬᠤ ᠦᠶ᠎ᠡ ᠳᠤ ᠰᠡᠶ᠋ᠢ ᠠᠮᠠᠪᠴᠢ ᠶᠢ ᠠᠪᠴᠤ ᠪᠤᠯᠤᠨ᠎ᠠ᠂  ᠦᠯᠢᠭᠡᠷ ᠠᠪᠴᠤ ᠪᠠᠷᠠᠭᠰᠠᠨ ᠤ ᠲᠠᠷᠠᠭ᠎ᠠ ᠲᠠᠷᠤᠶᠢᠬᠠᠨ ᠵᠡᠭᠦᠭᠡᠷᠡᠢ᠂ ᠡᠰᠡᠭᠦᠯ᠎ᠡ ᠨᠢᠭᠡ ᠪᠡᠯᠡᠳᠬᠡᠯ ᠠᠮᠠᠪᠴᠢ ᠪᠠᠯᠡᠳᠭᠡᠭᠡᠷᠡᠢ᠃  ︶  ᠴᠥᠮ᠎ᠡ ᠶᠢᠨ ᠬᠦᠴᠢᠯ ᠤᠨ ᠰᠢᠯᠭᠠᠨ ᠪᠠᠶᠢᠴᠠᠭᠠᠭᠴᠢ ᠪᠡᠶ᠎ᠡ ᠶᠢᠨ ᠦᠨᠡᠮᠯᠡᠯ ᠵᠡᠷᠭᠡ ᠬᠠᠩᠭᠠᠬᠤ ᠴᠢᠬᠤᠯᠠᠲᠠᠶ ᠦᠨᠡᠮᠯᠡᠯ ᠢᠶᠠᠨ ᠤᠷᠢᠳᠴᠢᠯᠠᠨ ᠪᠡᠯᠡᠳᠬᠡᠵᠦ᠂ ᠴᠠᠭ ᠢ ᠠᠷᠪᠢᠯᠠᠨ᠂ ᠰᠢᠯᠭᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠂ ᠴᠥᠮ᠎ᠡ ᠶᠢᠨ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠵᠦ ᠪᠠᠷᠠᠭᠰᠠᠨ ᠤ ᠳᠠᠷᠠᠭ᠎ᠠ ᠵᠢᠯᠣᠭᠤᠳᠤᠯᠭ᠎ᠠ ᠶᠢ ᠳᠠᠭᠠᠵᠤ᠂ ᠳᠠᠷᠦ᠋ᠢᠬᠠᠨ ᠭᠡᠷ ᠲᠡᠭᠡᠨ ᠬᠠᠷᠢᠵᠤ᠂ ᠵᠠᠪᠠᠯ ᠭᠠᠳᠠᠭᠰᠢ ᠭᠠᠷᠬᠤ ᠶᠢ ᠪᠠᠭᠠᠰᠬᠠᠨ᠎ᠠ᠃    ᠳᠥᠷᠪᠡ᠂ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠰᠣᠷᠢᠯᠲᠠ ᠪᠣᠯ ᠪᠠᠶᠢᠯᠳᠤᠭᠠᠨ ᠤ ᠪᠠᠶᠢᠳᠠᠯ ᠢ ᠦᠨᠳᠦᠰᠦᠯᠡᠨ ᠬᠢᠭᠰᠡᠨ ᠴᠡᠷᠢᠭ ᠤᠨ ᠶᠡᠭᠡ ᠰᠤᠷᠭᠠᠭᠤᠯᠢᠯᠠᠯ ᠮᠥᠨ᠂ ᠡᠭᠦᠨ ᠳᠤ ᠬᠤᠯᠪᠣᠭᠳᠠᠬᠤ ᠬᠡᠪᠴᠢᠶ᠎ᠡ ᠨᠢ ᠨᠡᠯᠢᠶᠡᠳ ᠥᠷᠭᠡᠨ᠂ ᠬᠥᠮᠦᠨ ᠣᠯᠠᠨ ᠪᠣᠯᠬᠤᠷ ᠥᠷᠭᠡᠨ ᠣᠯᠠᠨ ᠠᠷᠠᠳ ᠲᠦᠮᠡᠨ ᠨᠢᠭᠲᠠ ᠬᠠᠮᠵᠢᠯᠴᠠᠬᠤ ᠶᠢ ᠬᠦᠰᠡᠵᠦ ᠪᠠᠶᠢᠨ᠎ᠠ᠂ ᠴᠤᠤᠷᠬᠠᠯ ᠢ ᠢᠲᠡᠭᠡᠵᠦ ᠭᠡᠯᠮᠡᠭᠳᠡᠯ ᠡᠭᠦᠰᠭᠡᠵᠦ ᠪᠣᠯᠬᠤ ᠦᠭᠡᠶ᠂ ᠴᠤᠤᠷᠬᠠᠯ ᠲᠠᠷᠬᠠᠭᠠᠬᠤ ᠦᠭᠡᠶ᠂ ᠴᠤᠤᠷᠬᠠᠯ ᠢ ᠢᠲᠡᠭᠡᠬᠦ ᠦᠭᠡᠶ ᠪᠠᠶᠢᠬᠤ ᠬᠡᠷᠡᠭᠲᠡᠶ᠂ ᠰᠣᠷᠢᠯᠲᠠ ᠶᠢᠨ ᠳ᠋ᠦᠩ ᠢ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠴᠠᠭ ᠲᠤᠬᠠᠶ ᠳᠤᠨᠢ ᠨᠡᠶᠢᠲᠡᠯᠡᠬᠦ ᠪᠣᠯᠤᠨ᠎ᠠ᠃                        ᠭᠡᠭᠡᠨ ᠭᠤᠣᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ‌‍ᠤᠨ                       ᠬᠠᠯᠳᠠᠪᠤᠷᠢᠯᠠᠯ ᠤᠨ ᠠᠭᠤᠰᠬᠢᠨ ᠦᠷᠪᠢᠰᠦᠯ                       ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                       2021 ᠣᠨ ᠤ 8 ᠰᠠᠷ᠎ᠠ ᠶᠢᠨ 12 ᠤ ᠡᠳᠤᠷ    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号