ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 2022 ᠣᠨ ᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠥᠭᠡᠴᠡᠯᠡᠨ ᠴᠤᠭᠯᠠᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/8/31
  ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠣᠯ ᠬᠤᠲᠠ ᠶᠢᠨ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠪᠠ ᠠᠬᠢᠭᠤᠯᠬᠤ ᠡᠷᠴᠢᠮ ᠢ ᠪᠠᠲᠤᠯᠠᠵᠤ᠂ ᠨᠡᠩ ᠣᠯᠠᠨ ᠰᠢᠯᠢᠳᠡᠭ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠲᠥᠷᠥᠯ ᠵᠦᠢᠯ ᠤᠨ ᠪᠠᠭᠤᠷᠠᠶ ᠵᠦᠢᠯ ᠢ ᠲᠦᠷᠭᠡᠨ ᠨᠥᠬᠦᠪᠥᠷᠢᠯᠡᠵᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠭᠡᠭᠡᠨ ᠭᠤᠣᠯ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠭᠡᠭᠡᠨ ᠭᠤᠣᠯ ᠬᠤᠲᠠ ᠶᠢᠨ 2022 ᠣᠨ ᠤ ᠭᠤᠣᠯᠳᠠᠯᠭ᠎ᠠ ᠲᠠᠢ ᠠᠬᠢᠭᠤᠯᠬᠤ ᠲᠥᠷᠥᠯ ᠵᠦᠢᠯ ᠢ ᠨᠥᠭᠡᠴᠡᠯᠡᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢ ᠰᠤᠷᠤᠯᠴᠠᠬᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠲᠠᠢ ᠤᠶᠠᠯᠳᠤᠭᠤᠯᠵᠤ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠢᠨ ᠮᠠᠨ ᠤ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ 2022 ᠣᠨ ᠤ ᠠᠵᠤ ᠦᠢᠯᠡᠳᠪᠦᠷᠢ ᠶᠢᠨ ᠲᠦᠷᠦᠯ ᠵᠦᠢᠯ ᠢ ᠨᠥᠭᠡᠴᠡᠯᠡᠨ ᠴᠤᠭᠯᠠᠭᠤᠯᠬᠤ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠲᠤᠰ ᠪᠡᠶ᠎ᠡ ᠶᠢᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠣᠳᠣᠬᠠᠨ ᠤ ᠪᠠᠶᠢᠳᠠᠯ ᠢ ᠣᠶᠢᠯᠭᠠᠬᠤ᠂ ᠠᠯᠤᠰ ᠢᠷᠡᠭᠡᠳᠦᠢ ᠳᠤ ᠠᠰᠢᠭᠲᠠᠢ᠂ ᠨᠥᠭᠡᠴᠡ ᠬᠦᠴᠦᠨ ᠢ ᠴᠢᠩᠭᠠᠳᠬᠠᠬᠤ ᠴᠢᠨᠠᠷ ᠰᠠᠶᠢᠲᠠᠢ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠡᠩ ᠰᠠᠶᠢᠲᠤᠷ ᠠᠬᠢᠭᠤᠯᠬᠤ ᠶᠢ ᠵᠣᠷᠢᠭᠵᠢᠭᠤᠯᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠦᠷᠭᠦᠯᠵᠢᠯᠡᠨ ᠲᠥᠷᠥᠯ ᠵᠦᠢᠯ‌‍ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ︾ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠶ ᠪᠣᠯᠭᠠᠵᠤ᠂ ᠲᠥᠷᠥᠯ ᠵᠦᠢᠯ ᠢ ᠲᠥᠯᠥᠪᠯᠡᠵᠦ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠤᠨ᠂ ᠨᠡᠪᠲᠡᠷᠡᠯᠴᠡᠭᠡ ᠪᠠᠨ ᠴᠢᠩᠭᠠᠳᠬᠠᠵᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠪᠣᠬᠢᠷᠲᠤᠯ ᠥᠬᠡᠶ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号