102 ᠨᠠᠰᠤᠲᠠᠶ ᠨᠠᠰᠤᠲᠠᠨ ᠤᠯᠤᠰ ᠤᠨ ᠤᠷᠢᠶᠠᠯᠠᠭ᠎ᠠ ᠶᠢ ᠳᠠᠭᠠᠵᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠶ ᠪᠠᠷ ᠳᠠᠷᠢᠪᠠ
ᠨᠡᠶᠢᠲᠡᠯᠡᠭᠰᠡᠨ ᠴᠠᠭ᠄
2021/8/31
  ᠤᠢ ᠰᠢᠭᠤᠢ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠳ᠋ᠦᠩ ᠸᠠᠨ ᠡᡁᠧ ᠡᠨᠡ ᠵᠢᠯ 102 ᠨᠠᠰᠤᠲᠠᠢ᠂ ᠠᠬᠠᠮᠠᠳ ᠨᠠᠢᠮᠠᠳᠤᠭᠠᠷ ᠵᠠᠮ ᠤᠨ ᠴᠡᠷᠢᠭ ᠪᠣᠯᠤᠨ᠎ᠠ᠃ ᠲᠡᠷᠡ ᠴᠡᠷᠢᠭ ᠠᠴᠠ  ᠪᠠᠭᠤᠭᠰᠠᠨ ᠴᠤ ᠦᠩᠬᠡ ᠤᠨᠠᠬᠤ ᠦᠭᠡᠢ ᠪᠠᠶᠢᠵᠤ᠂ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠢᠨ᠎ᠡ ᠸᠢᠷᠦ᠋ᠰ ᠤᠨ ᠸᠠᠺᠼᠢᠨ ᠢ ᠲᠠᠷᠢᠵᠤ᠂ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠪᠠᠬᠢᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃    ᠳ᠋ᠦᠩ ᠸᠠᠨ ᠡᡁᠧ ᠨᠠᠰᠤᠲᠠᠨ ᠪᠣᠯ ᠭᠤᠷᠪᠠᠨ ᠵᠠᠭᠤ ᠲᠠᠪᠢ ᠶᠢᠰᠦᠳᠦᠭᠡᠷ ᠪᠠᠷᠢᠭᠠᠳᠠ ᠤᠨ ᠨᠠᠢᠮᠠᠳᠤᠭᠠᠷ ᠵᠠᠮ ᠤᠨ ᠴᠡᠷᠢᠭ ᠪᠠᠶᠢᠵᠠᠶ᠃ ᠵᠠᠯᠠᠭᠤ ᠳᠠᠭᠠᠨ ᠲᠡᠷᠡ ᠤᠯᠤᠰ ᠪᠠ ᠨᠠᠮ ᠤᠨ ᠢᠶᠠᠨ ᠲᠥᠯᠥᠭᠡ ᠦᠨᠡᠨᠴᠢ ᠰᠢᠳᠤᠷᠭᠤ ᠪᠠᠷ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠴᠡᠷᠢᠭ ᠠᠴᠠ ᠬᠠᠯᠠᠭᠳᠠᠭᠰᠠᠨ ᠤ ᠪᠠᠨ ᠲᠠᠷᠠᠭ᠎ᠠ ᠮᠥᠨ ᠯᠡ ᠠᠬᠠᠮᠠᠳ ᠤᠯᠠᠭᠠᠨ ᠴᠡᠷᠢᠭ ᠤᠨ ᠬᠠᠲᠠᠭᠤᠵᠢᠯᠲᠠᠶ ᠪᠣᠷᠣᠭᠵᠢᠭᠤᠨ ᠰᠢᠯᠢᠳᠡᠭ ᠬᠡᠪ ᠰᠤᠷᠲᠠᠯ ᠢᠶᠠᠨ ᠬᠠᠳᠠᠭᠠᠯᠠᠭᠰᠠᠭᠠᠷ ᠪᠠᠶᠢᠵᠤ᠂ ᠴᠢᠩ ᠦᠨᠡᠨᠴᠢ ᠰᠡᠳᠬᠢᠯ ᠲᠠᠢ ᠪᠠᠶᠢᠪᠠ᠃ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠲᠡᠷᠡ ᠦᠷᠭᠦᠯᠵᠢᠯᠡᠨ ᠭᠢᠯᠠᠷᠠᠭᠤᠯᠵᠤ᠂ ᠥᠪᠡᠷ ᠤᠨ ᠬᠦᠴᠦᠨ ᠴᠢᠳᠠᠯ ᠢᠶᠠᠨ ᠢᠳᠡᠪᠬᠢᠲᠡᠶ ᠪᠠᠷ ᠵᠣᠷᠢᠭᠤᠯᠵᠠᠶ᠃ ᠥᠨᠥᠳᠦᠷ ᠨᠡᠶᠢᠭᠡᠮ ᠲᠣᠭᠤᠷᠢᠭ ᠤᠨ ᠠᠵᠢᠯᠲᠠᠳ ᠲᠡᠳᠡᠨ ᠤ ᠬᠡᠷ ᠲᠤ ᠢᠷᠡᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠤᠬᠠᠭᠤᠯᠬᠤ ᠠᠵᠢᠯ  ᠬᠢᠬᠦ ᠳᠤ᠂ ᠨᠠᠰᠤᠲᠠᠨ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠬᠥᠭᠰᠢᠨ ᠲᠠᠢ ᠪᠠᠨ ᠬᠠᠮᠲᠤ ᠸᠠᠺᠼᠢᠨ ᠤ ᠲᠠᠷᠢᠯᠭ᠎ᠠ ᠬᠢᠬᠦ ᠶᠢ ᠱᠠᠭᠠᠷᠳᠠᠪᠠ᠃    ᠮᠠᠨ ᠤ ᠬᠤᠲᠠ ᠳᠤ ᠳ᠋ᠦᠩ ᠸᠠᠨ ᠡᡁᠧ ᠡᠷ᠎ᠡ ᠡᠮ᠎ᠡ ᠬᠤᠶᠠᠭᠤᠯᠠ ᠰᠢᠭ᠋ ᠡᠶᠢᠮᠦ ᠥᠨᠳᠥᠷ ᠨᠠᠰᠤᠨ ᠳᠠᠭᠠᠨ ᠰᠢᠨ᠎ᠡ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠬᠢᠳᠡᠭ ᠬᠥᠮᠦᠨ ᠪᠠᠰᠠ ᠮᠠᠰᠢ ᠣᠯᠠᠨ ᠪᠠᠶᠢᠨ᠎ᠠ᠃ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠠᠷᠠᠳ ᠲᠦᠮᠡᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠸᠠᠺᠼᠢᠨ ᠤ ᠲᠠᠷᠢᠯᠭ᠎ᠠ ᠶᠢᠨ ᠠᠵᠢᠯ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠥᠭᠡᠳ 80 ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ ᠬᠥᠮᠦᠰ ᠤᠨ ᠲᠤᠭ᠎ᠠ ᠨᠡᠯᠢᠶᠡᠳ ᠣᠯᠠᠨ ᠪᠠᠶᠢᠵᠤ᠂ ᠮᠠᠨ ᠤ ᠬᠤᠲᠠ ᠶᠢᠨ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠥᠨᠥᠳᠦᠷ ᠪᠣᠯᠲᠠᠯ᠎ᠠ ᠮᠠᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠲᠠᠷᠢᠯᠭ᠎ᠠ ᠶᠢᠨ ᠴᠡᠭ ᠲᠤ ᠨᠡᠶᠢᠲᠡ 80 ᠨᠠᠰᠤᠨ ᠠᠴᠠ ᠳᠡᠭᠡᠭᠰᠢᠬᠢ 324 ᠨᠠᠰᠤᠲᠠᠶᠢᠴᠤᠳ ᠲᠤ ᠲᠠᠷᠢᠯᠭ᠎ᠠ ᠬᠢᠵᠦ ᠪᠠᠶᠢᠨ᠎ᠠ᠂ ᠬᠠᠮᠤᠭ ᠤᠨ ᠶᠡᠭᠡ ᠨᠠᠰᠤ ᠨᠢ 102᠂ ᠲᠠᠷᠢᠯᠭ᠎ᠠ ᠬᠢᠭᠰᠡᠨ ᠤ ᠳᠠᠷᠠᠭ᠎ᠠ ᠣᠯᠠᠨ ᠢᠶᠠᠷ ᠢᠶᠠᠨ ᠴᠥᠮ ᠮᠠᠰᠢ ᠰᠠᠶᠢᠨ ᠲᠤᠰᠬᠠᠯ ᠲᠠᠢ ᠪᠠᠶᠢᠵᠤ᠂ ᠮᠠᠭᠤ ᠲᠤᠰᠬᠠᠯ ᠭᠠᠷᠤᠭᠰᠠᠨ ᠥᠬᠡᠶ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号