ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ | ᠬᠠᠮᠲᠤᠷᠠᠨ ︽︿ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠪᠴᠤ ᠶᠠᠪᠤᠬᠤ ᠪᠠ ᠨᠠᠶᠢᠳᠠᠨ | ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠤᠨ ᠭᠠᠷᠴᠠᠭ﹀ ᠢ ᠨᠡᠶᠢᠲᠡᠯᠡᠬᠦ ᠲᠤᠬᠠᠶ ᠠᠯᠪᠠᠨ ᠵᠠᠷ | ︾ ︵ᠵᠠᠮ ᠲᠡᠭᠡᠭᠡᠪᠦᠷᠢ ᠶᠢᠨ ᠲᠣᠭᠲᠠᠭᠠᠯ ﹇2021﹈ 2 ᠳ᠋ᠤᠭᠠᠷ ᠲᠣᠭᠠᠲᠤ᠂ ᠳᠣᠷᠣᠭᠰᠢ ︽ᠭᠠᠷᠴᠠᠭ︾ ᠭᠡᠵᠦ | ᠲᠣᠪᠴᠢᠯᠠᠨ᠎ᠠ︶ ᠢ ᠨᠡᠶᠢᠲᠡᠯᠡᠪᠡ᠃ ᠡᠯ᠎ᠡ ᠭᠠᠵᠠᠷ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ᠂ | ᠥᠷᠭᠡᠨ ᠣᠯᠠᠨ ᠠᠶᠠᠨᠴᠢᠳ ᠨᠢ ︽ᠭᠠᠷᠴᠠᠭ︾ ᠤᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠵᠤ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ | ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ | ᠭᠠᠷᠴᠠᠭ︾ ᠢ ᠨᠡᠶᠢᠲᠡᠯᠡᠭᠰᠡᠨ ᠠᠬᠤᠶ ᠪᠠᠶᠢᠳᠠᠯ ᠵᠢᠴᠢ ᠭᠤᠤᠯ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ | ᠬᠢᠪᠠ᠄ | ᠨᠢᠭᠡ᠂ ᠠᠵᠢᠯ ᠤᠨ ᠠᠬᠤᠢ ᠪᠠᠶᠢᠳᠠᠯ | ᠠᠶᠠᠨᠴᠢᠳ ᠤᠨ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠡᠳ᠋ ᠪᠣᠳᠠᠰ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠠᠶᠠᠨᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ | ᠲᠥᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ︽ | ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ | ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶ | ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠱᠠᠭᠠᠷᠳᠠᠯᠭ᠎ᠠ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠶ᠋ᠯᠡᠳᠪᠦᠷᠢᠯᠡᠯ ᠤᠨ ᠵᠥᠪᠯᠡᠯ ᠤᠨ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ | ᠶᠠᠮᠤᠨ ᠠᠴᠠ ᠲᠡᠮᠦᠷ ᠵᠠᠮ᠂ ᠤᠰᠤᠨ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠦᠷᠢᠶᠡᠨ ᠤ ᠲᠤᠷᠰᠢᠯᠭ᠎ᠠ | ᠠᠷᠭ᠎ᠠ ᠬᠢᠳᠡᠯ ᠢ ᠳ᠋ᠦᠩᠨᠡᠭᠰᠡᠨ ᠤ ᠰᠠᠭᠤᠷᠢᠨ ᠳᠡᠭᠡᠷ᠎ᠡ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠣᠨᠴᠠᠯᠢᠭ᠂ | ᠠᠶᠠᠨᠴᠢᠳ ᠤᠨ ᠭᠠᠳᠠᠭᠰᠢ ᠭᠠᠷᠬᠤ ᠬᠡᠷᠡᠭᠴᠡᠭᠡ ᠪᠠ ᠣᠷᠣᠨ ᠨᠤᠲᠤᠭ ᠤᠨ ᠦᠶ᠋ᠯᠡᠳᠦᠯᠭᠡ ᠶᠢ ᠭᠦᠶ᠋ᠴᠡᠳ | ᠤᠶᠠᠯᠳᠤᠭᠤᠯᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠬᠠᠮᠲᠤ ᠪᠠᠷ ᠬᠠᠷᠠᠭᠠᠯᠵᠠᠬᠤ ᠳᠤ ᠳᠥᠭᠦᠮ᠂ | ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ | ᠪᠦᠲᠦᠮᠵᠢᠲᠡᠶ ᠵᠣᠯᠭᠠᠭᠤᠯᠬᠤ᠂ ᠠᠮᠠᠷᠬᠠᠨ ᠬᠡᠷᠡᠭᠵᠢᠭᠦᠯᠬᠦ︾ ᠵᠡᠷᠭᠡ ᠵᠠᠷᠴᠢᠮ ᠶᠣᠰᠤᠭᠠᠷ᠂ ︽ᠭᠠᠷᠴᠠᠭ︾ ᠢ | ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠭᠠᠷᠴᠠᠭ︾ ᠲᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠪᠴᠤ ᠶᠠᠪᠤᠬᠤ ᠪᠠ ᠨᠠᠶᠢᠳᠠᠨ | ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠬᠢᠵᠠᠭᠠᠷᠯᠠᠬᠤ᠂ | ᠠᠶᠠᠨᠴᠢᠳ ᠤᠨ ᠪᠡᠶ᠎ᠡ ᠳᠤ ᠪᠠᠨ ᠠᠪᠴᠤ ᠶᠠᠪᠤᠬᠤ ᠶᠢ ᠴᠠᠭᠠᠵᠠᠯᠠᠬᠤ ᠪᠣᠯᠪᠠᠴᠤ ᠪᠣᠭᠤᠳᠠᠯ ᠤᠨ ᠥᠷᠥᠭᠡ ᠳᠤ ᠲᠠᠯᠪᠢᠵᠤ | ᠪᠣᠯᠤᠨ᠎ᠠ ︵ᠨᠠᠶᠢᠳᠠᠨ ᠲᠡᠭᠡᠭᠡᠪᠦᠷᠢᠯᠡᠭᠦᠯᠬᠦ︶ ᠬᠡᠭᠦ ᠵᠡᠷᠭᠡ ᠭᠤᠷᠪᠠᠨ ᠲᠥᠷᠥᠯ ᠤᠨ ᠡᠳ᠋ ᠪᠣᠳᠠᠰ ᠢ ᠲᠣᠳᠤᠷᠬᠠᠶᠢᠯᠠᠪᠠ᠃ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ | ᠡᠵᠡᠩᠨᠡᠭᠴᠢ ᠨᠢ ᠮᠡᠳᠡᠭᠳᠡᠬᠦ ᠡᠭᠦᠷᠭᠡ ᠪᠠᠨ ᠭᠦᠢᠴᠡᠳᠬᠡᠵᠦ᠂ ᠬᠠᠤᠯᠢ ᠲᠣᠭᠲᠠᠭᠠᠯ ᠶᠣᠰᠣᠭᠠᠷ ᠠᠮᠤᠷ ᠲᠥᠪᠰᠢᠨ ᠤ | ᠪᠠᠶᠢᠴᠠᠭᠠᠯᠲᠠ ᠬᠢᠬᠦ ᠬᠡᠷᠡᠭᠲᠡᠢ ᠭᠡᠵᠦ ᠲᠣᠳᠤᠷᠬᠠᠶᠢᠯᠠᠪᠠ︔ ᠠᠶᠠᠨᠴᠢᠳ ᠨᠢ ᠬᠠᠮᠢᠶ᠎ᠠ ᠪᠦᠬᠦᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ︔ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ | ᠶᠣᠰᠣᠭᠠᠷ ᠬᠢᠨᠠᠯᠲᠠ ᠲᠠᠯᠪᠢᠵᠤ ᠵᠢᠯᠣᠭᠤᠳᠬᠤ ᠬᠡᠷᠡᠭᠲᠡᠢ᠃ | ︵ᠨᠢᠭᠡ︶ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠭᠰᠠᠨ ᠡᠳ᠋ ᠪᠣᠳᠠᠰ ᠤᠨ ᠭᠠᠷᠴᠠᠭ᠃ | ᠡᠭᠦᠨ ᠳᠤ ᠫᠤᠤ ᠵᠡᠪᠰᠡᠭ ᠪᠠ ᠰᠤᠮᠤ᠂ ᠳᠡᠯᠪᠡᠷᠡᠬᠦ ᠡᠳ᠋ ᠪᠣᠳᠠᠰ᠂ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ᠂ | ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ᠂ ᠬᠤᠤᠷᠳᠠᠭᠤᠯᠬᠤ ᠪᠣᠳᠠᠰ᠂ ᠢᠳᠡᠮᠡᠬᠡᠶ ᠴᠢᠨᠠᠷᠲᠠᠶ ᠡᠳ᠋ ᠪᠣᠳᠠᠰ᠂ | ᠰᠠᠴᠤᠷᠠᠭ ᠴᠢᠨᠠᠷᠲᠠᠶ ᠡᠳ᠋ ᠪᠣᠳᠠᠰ᠂ ᠬᠠᠯᠳᠠᠪᠤᠷᠢᠯᠠᠬᠤ ᠴᠢᠨᠠᠷᠲᠠᠶ ᠡᠳ᠋ ᠪᠣᠳᠠᠰ᠂ ᠠᠶᠠᠨᠴᠢᠳ ᠤᠨ ᠲᠡᠷᠭᠡ ᠬᠥᠰᠬᠡ ᠶᠢᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠤᠶᠤ ᠠᠶᠠᠯᠠᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ | ᠪᠤᠰᠤᠳ ᠡᠳ᠋ ᠪᠣᠳᠠᠰ ᠵᠡᠷᠭᠡ 9 ᠲᠥᠷᠥᠯ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ | ᠲᠣᠭᠲᠠᠭᠠᠭᠰᠠᠨ ᠠᠪᠴᠤ ᠶᠠᠪᠤᠬᠤ᠂ ᠲᠡᠭᠡᠭᠡᠪᠦᠷᠢᠯᠡᠬᠦ ᠶᠢ ᠴᠠᠭᠠᠵᠠᠯᠠᠭᠰᠠᠨ ᠪᠤᠰᠤᠳ ᠡᠳ᠋ ᠪᠣᠳᠠᠰ ᠢ ᠪᠠᠭᠲᠠᠭᠠᠵᠤ᠂ | ᠬᠦᠲᠦᠴᠢ ᠨᠣᠬᠠᠶ ᠳᠠᠭᠠᠭᠤᠯᠤᠨ ᠲᠡᠷᠭᠡᠨ ᠳᠤ ᠰᠠᠭᠤᠯᠭᠠᠵᠤ ᠪᠣᠯᠬᠤ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠡᠵᠡᠩᠨᠡᠭᠴᠢ ᠠᠴᠠ ᠪᠠᠶᠢᠳᠠᠯ ᠢ ᠨᠢ ᠦᠵᠡᠵᠦ ᠪᠠᠶᠢᠭᠠᠳ ᠪᠠᠭ᠎ᠠ ᠬᠡᠮᠵᠢᠶᠡᠨ ᠤ | ᠬᠡᠷ ᠤᠨ ᠵᠢᠭᠦᠷᠲᠡᠨ ᠠᠪᠴᠤ ᠶᠠᠪᠤᠵᠤ ᠪᠣᠯᠬᠤ ᠶᠢ ᠲᠣᠳᠤᠷᠬᠠᠶᠢᠯᠠᠪᠠ᠃ | ︵ᠬᠤᠶᠠᠷ︶ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠬᠢᠵᠠᠭᠠᠷᠯᠠᠭᠰᠠᠨ ᠡᠳ᠋ ᠪᠣᠳᠠᠰ ᠤᠨ | ᠭᠠᠷᠴᠠᠭ᠃ ᠠᠶᠠᠨᠴᠢᠳ ᠭᠠᠳᠠᠭᠰᠢ ᠭᠠᠷᠬᠤ ᠳᠤ ᠠᠪᠴᠤ ᠶᠠᠪᠤᠬᠤ ᠪᠤᠶᠤ ᠨᠠᠶᠢᠳᠠᠨ ᠲᠡᠭᠡᠭᠡᠪᠦᠷᠢᠯᠡᠭᠦᠯᠬᠦ | ᠬᠡᠷᠡᠭᠴᠡᠭᠡ ᠲᠠᠢ ᠪᠣᠯᠪᠠᠴᠤ᠂ ᠲᠤᠭ᠎ᠠ ᠬᠡᠮᠵᠢᠶ᠎ᠡ ᠨᠢ ᠵᠣᠬᠢᠬᠤ ᠬᠢᠵᠠᠭᠠᠷᠯᠠᠯ ᠠᠴᠠ ᠬᠡᠲᠦᠷᠡᠬᠦ ᠦᠶ᠎ᠡ ᠳᠤ ᠠᠶᠠᠨᠴᠢᠳ ᠤᠨ | ᠪᠡᠶ᠎ᠡ ᠮᠠᠬᠠᠪᠣᠳ ᠪᠠ ᠲᠡᠷᠭᠡ ᠬᠥᠰᠬᠡ ᠶᠢᠨ ᠠᠶᠠᠯᠠᠯ ᠤᠨ ᠠᠮᠤᠷ ᠲᠦᠪᠰᠢᠨ ᠢ ᠨᠥᠯᠥᠭᠡᠯᠡᠬᠦ ᠡᠳ᠋ ᠪᠣᠳᠠᠰ ᠢ ᠵᠢᠭᠠᠵᠤ | ᠪᠠᠶᠢᠨ᠎ᠠ᠃ ᠡᠭᠦᠨ ᠳᠤ 24 ᠭᠷᠠᠳᠦ᠋ᠰ ᠠᠴᠠ 75 ᠭᠷᠠᠳᠦ᠋ᠰ ᠤᠨ ᠰᠫᠢᠷᠲ ᠵᠢᠴᠢ ᠠᠷᠢᠬᠢᠨ ᠤ ᠲᠥᠷᠥᠯ ᠤᠨ ᠤᠮᠳᠠᠭᠠᠨ | ᠂ ᠬᠢᠮᠤᠰᠤᠨ ᠪᠤᠳᠤᠭ᠂ ᠬᠡᠷᠡᠯ ᠠᠷᠢᠯᠭᠠᠭᠴᠢ ᠡᠳ᠋᠂ ᠥᠪᠡᠷᠲᠡᠭᠡᠨ ᠰᠦᠷᠴᠢᠬᠦ ᠳᠠᠷᠤᠯᠲᠠᠲᠤ ᠰᠠᠪᠠ ᠶᠢᠨ ᠡᠳ᠋ ᠪᠣᠳᠠᠰ᠂ | ᠠᠶᠤᠯᠭᠦᠶ ᠴᠦᠳᠡᠩ᠂ ᠨᠣᠴᠣᠭᠠᠭᠤᠷ᠂ ᠯᠢᠲ᠋ᠢ ᠴᠠᠬᠢᠯᠭᠠᠨ ᠴᠡᠨᠡᠭ᠂ ᠴᠠᠬᠢᠯᠭᠠᠨ ᠴᠡᠨᠡᠭᠯᠡᠬᠦ ᠡᠷᠳᠡᠨᠢ ᠵᠡᠷᠭᠡ 5 ᠲᠥᠷᠥᠯ | ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠠᠪᠴᠤ ᠶᠠᠪᠤᠬᠤ᠂ | ᠲᠡᠭᠡᠭᠡᠪᠦᠷᠢᠯᠡᠬᠦ ᠶᠢ ᠴᠠᠭᠠᠵᠠᠯᠠᠭᠰᠠᠨ ᠪᠤᠰᠤᠳ ᠡᠳ᠋ ᠪᠣᠳᠠᠰ ᠢ ᠪᠠᠭᠲᠠᠭᠠᠵᠤ᠂ ᠡᠯ᠎ᠡ ᠲᠥᠷᠥᠯ ᠤᠨ ᠡᠳ᠋ ᠪᠣᠳᠠᠰ ᠤᠨ | ᠬᠡᠮᠵᠢᠶ᠎ᠡ ᠶᠢ ᠬᠢᠵᠠᠭᠠᠷᠯᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃ | ︵ᠭᠤᠷᠪᠠ︶ ᠠᠶᠠᠨᠴᠢᠳ ᠤᠨ ᠪᠡᠶ᠎ᠡ ᠳᠤ ᠪᠠᠨ ᠠᠪᠴᠤ ᠶᠠᠪᠤᠬᠤ ᠶᠢ ᠴᠠᠭᠠᠵᠠᠯᠠᠭᠰᠠᠨ ᠪᠣᠯᠪᠠᠴᠤ ᠪᠣᠭᠤᠳᠠᠯ ᠤᠨ | ᠥᠷᠥᠭᠡᠨ ᠳᠤ ᠲᠠᠯᠪᠢᠵᠤ ᠪᠣᠯᠬᠤ ︵ᠨᠠᠶᠢᠳᠠᠨ ᠲᠡᠭᠡᠭᠡᠪᠦᠷᠢᠯᠡᠭᠦᠯᠬᠦ︶ ᠡᠳ᠋ ᠪᠣᠳᠠᠰ ᠤᠨ ᠭᠠᠷᠴᠠᠭ᠃ ᠲᠣᠰ ᠬᠡᠰᠡᠭ ᠡᠳ᠋ | ᠪᠣᠳᠠᠰ ᠨᠢ ᠡᠳᠦᠷ ᠲᠤᠲᠤᠮ ᠤᠨ ᠠᠮᠢᠳᠤᠷᠠᠯ᠂ ᠦᠶ᠋ᠯᠡᠳᠪᠦᠷᠢᠯᠡᠯ ᠤᠨ ᠲᠥᠷᠥᠯ ᠤᠨ ᠡᠳ᠋ ᠪᠣᠳᠠᠰ ᠲᠤ | ᠬᠠᠷᠢᠶᠠᠯᠠᠭᠳᠠᠵᠤ᠂ ᠸᠠᠭᠤᠨ ᠳᠣᠲᠣᠷ᠎ᠠ ᠲᠠᠯᠪᠢᠪᠠᠯ ᠬᠥᠮᠦᠨ ᠤ ᠪᠡᠶ᠎ᠡ ᠶᠢ ᠭᠡᠮᠲᠦᠭᠡᠵᠦ ᠮᠡᠳᠡᠨ᠎ᠡ᠂ ᠪᠣᠭᠤᠳᠠᠯ ᠤᠨ | ᠥᠷᠥᠭᠡ ᠳᠤ ᠲᠠᠯᠪᠢᠬᠤ ᠪᠤᠶᠤ ᠨᠠᠶᠢᠳᠠᠨ ᠲᠡᠭᠡᠭᠡᠪᠦᠷᠢᠯᠡᠭᠦᠯᠵᠦ ᠪᠣᠯᠤᠨ᠎ᠠ᠂ ᠭᠤᠤᠯᠳᠠᠭᠤ ᠡᠳᠦᠷ ᠲᠤᠲᠤᠮ ᠤᠨ ᠬᠡᠷᠡᠭᠯᠡᠬᠦ | ᠬᠢᠲᠤᠭ᠎ᠠ᠂ ᠲᠤᠰᠬᠠᠶ ᠮᠡᠷᠭᠡᠵᠢᠯ ᠤᠨ ᠬᠢᠲᠤᠭ᠎ᠠ᠂ ᠲᠣᠭᠯᠠᠯᠲᠠ ᠶᠢᠨ ᠬᠢᠲᠤᠭ᠎ᠠ ᠵᠡᠷᠭᠡ ᠢᠷᠲᠦ ᠪᠠᠭᠠᠵᠢ᠂ ᠰᠢᠳᠠᠮ | ᠵᠡᠷᠭᠡ ᠮᠣᠬᠤᠭᠤ ᠪᠠᠭᠠᠵᠢ᠂ ᠪᠠᠭᠠᠵᠢ ᠬᠡᠷᠡᠭᠰᠡᠯ ᠲᠠᠷᠢᠶᠠᠯᠠᠩ ᠤᠨ ᠪᠠᠭᠠᠵᠢ᠂ ᠮᠧᠬᠠᠨᠢᠭ ᠪᠤᠰᠤ ᠨᠤᠮᠤ ᠰᠤᠮᠤ ᠶᠢᠨ | ᠲᠥᠷᠥᠯ ᠤᠨ ᠪᠠᠭᠠᠵᠢ ᠬᠡᠷᠡᠭᠰᠡᠯ᠂ ᠪᠡᠶ᠎ᠡ ᠰᠡᠷᠭᠡᠶᠢᠯᠡᠬᠦ ᠰᠦᠷᠴᠢᠭᠦᠷ ᠵᠡᠷᠭᠡ ᠪᠤᠰᠤᠳ ᠡᠳ᠋ ᠪᠣᠳᠠᠰ ᠵᠢᠴᠢ ᠪᠡᠶ᠎ᠡ ᠶᠢᠨ | ᠭᠡᠷᠡᠴᠢ ᠪᠠ ᠬᠢᠵᠢᠭ ᠪᠠᠶᠢᠴᠠᠭᠠᠬᠤ ᠭᠡᠷᠡᠴᠢ ᠲᠠᠢ᠂ ᠪᠢᠲᠡᠭᠦᠦ ᠰᠠᠪᠠᠨ ᠳᠤ ᠰᠠᠪᠠᠯᠠᠭᠰᠠᠨ ᠡᠩᠬᠦᠷᠡᠶ ᠠᠮᠢᠲᠠᠨ ᠵᠡᠷᠭᠡ 5 | ᠲᠥᠷᠥᠯ ᠪᠠᠭᠲᠠᠨ᠎ᠠ᠃ | ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ | ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠭᠠᠷᠴᠠᠭ︾ ᠢ | ᠤᠬᠠᠭᠤᠯᠤᠨ ᠲᠣᠭᠤᠰᠢᠯᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠬᠢᠨᠠᠯᠲᠠ | ᠲᠠᠯᠪᠢᠵᠤ ᠵᠢᠯᠣᠭᠤᠳᠬᠤ ᠪᠠᠨ ᠴᠢᠩᠭᠠᠷᠠᠭᠤᠯᠤᠨ᠂ ᠬᠠᠮᠢᠶ᠎ᠠ ᠪᠦᠬᠦᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ | ᠲᠣᠭᠲᠠᠭᠠᠯ ᠶᠣᠰᠣᠭᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ ᠪᠣᠭᠤᠳᠠᠯ ᠲᠠᠢ ᠡᠳ᠋ ᠪᠣᠳᠠᠰ ᠤᠨ ᠠᠮᠤᠷ | ᠲᠥᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠂ ᠥᠷᠭᠡᠨ ᠣᠯᠠᠨ ᠠᠶᠠᠨᠴᠢᠳ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠨᠢ ᠵᠢᠷᠤᠮᠯᠠᠭᠤᠯᠵᠤ᠂ | ᠴᠠᠭᠠᠵᠠ ᠶᠢ ᠵᠥᠷᠢᠴᠡᠭᠰᠡᠨ ᠡᠳ᠋ ᠪᠣᠳᠠᠰ ᠢ ᠥᠷᠲᠡᠭᠡᠨ ᠳᠤ ᠣᠷᠣᠭᠤᠯᠵᠤ ᠲᠡᠷᠭᠡᠨ ᠳᠤ ᠭᠠᠷᠭᠠᠬᠤ ᠶᠢ ᠰᠡᠷᠭᠡᠶᠢᠯᠡᠨ᠂ | ᠠᠶᠠᠨᠴᠢᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠪᠠ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠪᠴᠤ | ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠤᠨ ᠭᠠᠷᠴᠠᠭ︾ ᠢ | ᠨᠡᠶᠢᠲᠡᠯᠡᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠵᠠᠷ | |