ᠭᠡᠭᠡᠨ ᠭᠤᠣᠯ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ﹇2021﹈ 9 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2021/8/6
  ᠣᠳᠣᠬᠠᠨ ᠳᠤ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠤᠷᠢᠳᠴᠢᠯᠠᠨ ᠲᠡᠰᠦᠯᠵᠦ᠂ ᠬᠢᠵᠢᠭ ᠤᠨ ᠥᠷᠭᠡᠵᠢᠨ ᠳᠡᠯᠭᠡᠷᠡᠬᠦ ᠶᠢ ᠡᠷᠡᠰ ᠰᠡᠷᠭᠡᠶᠢᠯᠡᠨ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠤᠰᠠᠳᠠ᠂ ᠬᠥᠯᠥᠨ ᠪᠤᠶᠢᠷ ᠬᠤᠲᠠ ᠶᠢᠨ 22 ᠳ᠋ᠤᠭᠠᠷ ᠲᠣᠭᠠᠲᠤ᠂ 23 ᠳ᠋ᠤᠭᠠᠷ ᠲᠣᠭᠠᠲᠤ᠂ 24 ᠳ᠋ᠦ᠋ᠭᠡᠷ ᠲᠣᠭᠠᠲᠤ ᠵᠠᠷᠯᠠᠯ ᠤᠨ ᠱᠠᠭᠠᠷᠳᠠᠯᠭ᠎ᠠ ᠶᠣᠰᠣᠭᠠᠷ᠂ ᠭᠡᠭᠡᠨ ᠭᠤᠤᠯ ᠬᠤᠲᠠ ᠶᠢᠨ 8 ᠳ᠋ᠤᠭᠠᠷ ᠲᠣᠭᠠᠲᠤ ᠵᠠᠷᠯᠠᠯ ᠤᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠠᠵᠢᠯᠲᠠᠨ ᠤ ᠬᠠᠮᠢᠶᠠᠷᠤᠯᠲᠠ ᠡᠵᠡᠮᠳᠡᠯ ᠢ ᠴᠢᠩᠳᠠᠯᠠᠨ᠎ᠠ᠃ 7 ᠰᠠᠷ᠎ᠠ ᠶᠢᠨ 29 ᠤ ᠡᠳᠦᠷ ᠠᠴᠠ ᠰᠡᠭᠦᠯᠡᠷ ᠂ ᠬᠠᠶᠢᠯᠠᠷ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠪᠠ ᠬᠠᠶᠢᠯᠠᠷ ᠳᠤ ᠵᠤᠭᠠᠴᠠᠨ ᠰᠠᠭᠤᠭᠰᠠᠨ ᠲᠡᠤᠬᠡ ᠲᠠᠢ ᠪᠤᠶᠤ ᠲᠣᠰ ᠬᠥᠮᠦᠨ ᠨᠢ ᠬᠡᠳᠦ᠋ᠢᠪᠡᠷ ᠣᠴᠢᠵᠤ ᠥᠩᠭᠡᠷᠡᠭᠰᠡᠨ ᠥᠬᠡᠶ ᠪᠣᠯᠪᠠᠴᠤ ᠬᠠᠶᠢᠯᠠᠷ ᠤᠨ ᠬᠥᠮᠦᠰ ᠲᠠᠢ ᠣᠶᠢᠷᠠᠲᠤᠭᠰᠠᠨ ᠲᠡᠤᠬᠡ ᠲᠠᠢ ᠬᠥᠮᠦᠰ ᠡᠷᠬᠡᠪᠰᠢ ᠬᠠᠮᠤᠭ ᠤᠨ ᠲᠡᠷᠢᠭᠦᠨ ᠳᠤ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠦᠨ ᠳᠠᠩᠰᠠᠯᠠᠭᠤᠯᠵᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ᠬᠤᠶᠠᠷ᠂ ᠣᠷᠣᠵᠤ ᠭᠠᠷᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠡᠯ᠎ᠡ ᠭᠠᠵᠠᠷ ᠤᠨ ᠬᠢᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠬᠢᠵᠢᠭ ᠤᠨ ᠲᠠᠷᠬᠠᠯᠲᠠ ᠶᠢ ᠡᠷᠡᠰ ᠴᠢᠩᠭ᠎ᠠ ᠰᠡᠷᠭᠡᠶᠢᠯᠡᠬᠦ ᠬᠡᠷᠡᠭᠲᠡᠢ᠃ ᠭᠠᠯᠲᠤ ᠲᠡᠷᠭᠡᠨ ᠤ ᠦᠷᠳᠡᠭᠡ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠬᠤᠳᠠ ᠶᠢᠨ ᠣᠷᠣᠵᠤ ᠭᠠᠷᠬᠤ ᠭᠠᠵᠠᠷ ᠤᠨ ᠣᠷᠣᠵᠤ ᠭᠠᠷᠬᠤ ᠪᠣᠭᠤᠮᠲᠠ ᠶᠢ ᠴᠢᠩᠭ᠎ᠠ ᠠᠳᠬᠤᠵᠤ᠂ ᠬᠥᠮᠦᠰ ᠤᠨ ᠰᠢᠯᠵᠢᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠭᠠᠳᠠᠭᠰᠢ ᠭᠠᠷᠬᠤ ᠶᠢ ᠠᠯᠢ ᠴᠢᠳᠠᠬᠤ ᠪᠠᠷ ᠴᠥᠭᠡᠳᠬᠡᠵᠦ᠂ ᠲᠦᠷᠦᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠦᠭᠡᠢ᠂ ᠠᠶᠢᠯᠴᠢᠯᠠᠨ ᠲᠣᠭᠤᠷᠢᠬᠤ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠶ᠃    ᠭᠤᠷᠪᠠ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ ᠴᠤᠭᠯᠠᠭᠠᠨ᠂ ᠴᠤᠭᠯᠠᠭᠠᠨ ᠦᠵᠡᠰᠬᠦᠯᠡᠩ᠂ ᠪᠣᠯᠪᠠᠰᠤᠷᠠᠭᠤᠯᠤᠯ᠂ ᠪᠠᠶᠠᠷ ᠤᠨ ᠶᠣᠰᠣᠯᠠᠯ᠂ ᠲᠣᠭᠯᠠᠯᠲᠠ ᠵᠡᠷᠭᠡ ᠠᠵᠢᠯᠯᠠᠭ᠎ᠠ ᠡᠷᠭᠢᠯᠡᠬᠦ ᠶᠢ ᠲᠦᠷ ᠬᠤᠶᠢᠰᠢᠯᠠᠭᠤᠯᠤᠨ᠎ᠠ᠃ ᠪᠤᠢ ᠪᠦᠬᠦᠢ ᠬᠤᠭᠤᠯᠠᠯᠠᠬᠤ ᠨᠦᠭᠦᠴᠠᠯ ᠢ ᠪᠦᠷᠢᠯᠳᠤᠭᠦᠯᠭᠦ ᠬᠤᠭᠤᠯᠠᠨ ᠭᠡᠷ ᠪᠦᠬᠦᠨ ᠲᠣᠮᠣ ᠬᠡᠯᠪᠡᠷᠢ ᠶᠢᠨ ᠳᠠᠶᠢᠯᠠᠯᠭ᠎ᠠ ᠶᠢ ᠬᠦᠯᠢᠶᠡᠨ ᠠᠪᠴᠤ ᠪᠣᠯᠬᠤ ᠦᠭᠡᠶ  ᠂ ᠪᠣᠶ ᠪᠥᠬᠦᠶ ᠵᠣᠴᠢᠳ ᠤᠨ ᠪᠠᠭᠤᠳᠠᠯ ᠢ ᠡᠳᠦᠷ ᠲᠤᠲᠤᠮ ᠤᠨ ᠶᠡᠷᠦᠩᠬᠡᠶ ᠭᠥᠯᠢᠶᠡᠨ ᠠᠪᠬᠤ ᠬᠡᠮᠵᠢᠶ᠎ᠡ ᠶᠢᠨ 50% ᠶᠢᠨ ᠬᠢᠵᠠᠭᠠᠷᠲᠤ ᠲᠤᠭ᠎ᠠ ᠪᠠᠷ ᠡᠵᠡᠩᠨᠡᠯᠲᠡ ᠬᠢᠵᠦ᠂ ᠬᠤᠪᠢ ᠬᠥᠮᠦᠨ ᠤ ᠴᠤᠭᠯᠠᠷᠠᠨ ᠬᠤᠭᠤᠯᠠᠯᠠᠬᠤ ᠶᠢ 10 ᠬᠥᠮᠦᠨ ᠠᠴᠠ ᠳᠣᠷᠣᠭᠰᠢ ᠴᠢᠩᠭ᠎ᠠ ᠬᠢᠵᠠᠭᠠᠷᠯᠠᠵᠤ᠂ ᠡᠵᠡᠩᠨᠡᠯᠲᠡ ᠶᠢᠨ ᠠᠵᠢᠯᠲᠠᠨ ᠵᠢᠴᠢ ᠵᠣᠴᠢᠳ ᠴᠥᠮ ᠠᠮᠠᠪᠴᠢ ᠵᠡᠭᠦᠵᠦ᠂ ᠺᠣᠳ᠋ ᠱᠦᠭᠦᠷᠳᠡᠬᠦ᠂ ᠳᠤᠯᠠᠭᠠᠨ ᠢ ᠬᠡᠮᠵᠢᠬᠦ᠂ ᠳᠠᠩᠰᠠᠯᠠᠬᠤ᠂  ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠨᠡᠶᠢᠴᠡᠬᠦ ᠥᠬᠡᠶ ᠡᠵᠡᠩᠨᠡᠯᠲᠡ ᠶᠢᠨ ᠲᠠᠯᠠᠪᠤᠷ ᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠷᠡ ᠳᠠᠷᠤᠶ ᠳᠤᠨᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ᠃ ᠺᠢᠨᠣ᠋ ᠵᠦᠴᠦᠭᠡ ᠶᠢᠨ ᠬᠦᠷᠢᠶᠡᠯᠡᠩ᠂ KTV᠂ ᠠᠷᠢᠬᠢᠨ ᠮᠤᠬᠤᠯᠠᠭ᠂ ᠰᠦᠯᠵᠢᠶᠡᠨ ᠤ ᠪᠠᠭᠠᠷ᠂ ᠪᠡᠶ᠎ᠡ ᠴᠢᠭᠢᠷᠠᠭᠵᠢᠭᠤᠯᠬᠤ ᠭᠠᠵᠠᠷ᠂ ᠰᠢᠲᠠᠷ᠎ᠠ ᠫᠠᠢ ᠶᠢᠨ ᠭᠠᠵᠠᠷ᠂ ᠨᠡᠶᠢᠲᠡ ᠶᠢᠨ ᠤᠬᠢᠶᠠᠯᠭ᠎ᠠ ᠶᠢᠨ ᠬᠡᠷ ᠵᠡᠷᠭᠡ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠱᠠᠰᠢᠨ ᠰᠤᠷᠲᠠᠬᠤᠨ ᠤ ᠭᠠᠵᠠᠷ ᠤᠳ ᠤᠨ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠲᠦᠷ ᠵᠣᠭᠰᠣᠭᠠᠵᠤ᠂ ᠬᠠᠮᠲᠤ ᠶᠢᠨ ᠱᠠᠰᠢᠨ ᠰᠤᠷᠲᠠᠬᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠲᠦᠷ ᠵᠣᠭᠰᠣᠭᠠᠵᠤ᠂ ᠪᠠᠶᠠᠷ ᠤᠨ ᠶᠠᠪᠤᠳᠠᠯ ᠢ ᠰᠢᠨ᠎ᠡ ᠪᠠᠷ  ᠬᠢᠬᠦ᠂ ᠬᠤᠶᠢᠰᠢᠯᠠᠭᠤᠯᠤᠨ ᠬᠢᠬᠦ  ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠵᠦ᠂ ᠳᠠᠶᠢᠯᠠᠯᠭ᠎ᠠ ᠶᠢ ᠬᠢᠬᠦ ᠦᠭᠡᠢ᠃    ᠳᠥᠷᠪᠡ᠂ ᠭᠤᠤᠯᠳᠠᠯᠭ᠎ᠠ ᠲᠠᠢ ᠲᠠᠯᠠᠪᠤᠷ ᠢ ᠴᠢᠩᠭ᠎ᠠ ᠬᠠᠮᠢᠶᠠᠷᠤᠨ᠎ᠠ᠃ ᠪᠦᠬᠦ ᠬᠤᠲᠠ ᠶᠢᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ ᠂ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠭᠠᠵᠠᠷ ᠲᠤ ᠡᠷᠬᠡᠪᠰᠢ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠮᠦᠨ ᠤ ᠴᠤᠪᠤᠷᠠᠯ ᠤᠨ ᠡᠵᠡᠮᠳᠡᠯ ᠢ ᠴᠢᠩᠳᠠᠯᠠᠵᠤ᠂ ᠣᠷᠣᠵᠤ ᠭᠠᠷᠬᠤ ᠵᠠᠮ ᠭᠠᠷᠭᠠᠬᠤ ᠬᠡᠷᠡᠭᠲᠡᠶ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠤ ᠭᠠᠵᠠᠷ ᠢ ᠪᠢᠲᠡᠭᠦᠮᠵᠢᠯᠡᠨ ᠬᠠᠮᠢᠶᠠᠷᠴᠤ᠂ ᠡᠷᠭᠢᠵᠦ ᠦᠵᠡᠬᠦ ᠶᠢ ᠲᠦᠷ ᠵᠣᠭᠰᠣᠭᠠᠨ᠎ᠠ᠃ ᠬᠤᠪᠢ ᠶᠢᠨ ᠡᠮᠴᠢᠯᠡᠭᠡᠨ ᠤ ᠭᠠᠵᠠᠷ ᠲᠤ ᠡᠮᠴᠢᠯᠡᠭᠡ ᠶᠢ ᠬᠦᠯᠢᠶᠡᠨ ᠠᠪᠬᠤ ᠶᠢ ᠲᠦᠷ ᠵᠤᠭᠰᠤᠭᠠᠨ᠎ᠠ᠃    ᠲᠠᠪᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠵᠡᠩᠨᠡᠯᠲᠡ ᠶᠢᠨ ᠭᠠᠵᠠᠷ ᠣᠷᠣᠨ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ‌‍ᠲ᠋ᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠬᠥᠮᠦᠨ ᠤ ᠤᠷᠤᠰᠬᠠᠯ ᠢ ᠡᠵᠡᠮᠳᠡᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ ᠶᠢ ᠨᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃    ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠶᠢ ᠤᠬᠠᠮᠰᠠᠷ ᠠᠴᠠ ᠪᠠᠨ ᠰᠠᠶᠢᠲᠤᠷ ᠬᠢᠵᠦ᠂ ᠴᠤᠤᠷᠬᠠᠯ ᠢ ᠢᠲᠡᠭᠡᠬᠦ ᠦᠭᠡᠢ ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠳᠤᠯᠠᠭᠠᠨ ᠢ ᠬᠡᠮᠵᠢᠬᠦ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠴᠠᠭ ᠲᠤᠬᠠᠢ ᠳᠤᠨᠢ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠵᠠᠮ ᠵᠠᠭᠤᠷ᠎ᠠ ᠪᠠᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠢ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠰ ᠵᠠᠷᠯᠠᠯ ᠤᠨ ᠱᠠᠭᠠᠷᠳᠠᠯᠭ᠎ᠠ ᠶᠢ ᠵᠥᠷᠢᠴᠡᠨ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃                                       ᠭᠡᠭᠡᠨ ᠭᠤᠣᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ                                       ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ                                       ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                         2021 ᠣᠨ ᠤ 8 ᠰᠠᠷ᠎ᠠ ᠶᠢᠨ 5    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号